ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ 2024 ᠣᠨ ᠤ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/21
     10 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠵᠥᠪᠯᠡᠯ 2024 ᠣᠨ ᠤ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠢᠦᠢ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ  ᠪᠠᠶᠢᠭᠤᠯᠭ᠎ᠠ ᠨᠢᠭᠡᠴᠢ ᠵᠢᠴᠢ ᠬᠡᠰᠡᠭ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠬᠢᠩᠭᠠᠨ ᠠᠶᠢᠮᠠᠭ ᠤᠨ ᠢᠷᠠᠭᠤ ᠠᠯᠳᠠᠷ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠪᠣᠯᠤᠨ ᠬᠢᠩᠭᠠᠨ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠠᠮᠢᠷ  ᠤᠨ ᠲᠠᠯᠠᠪᠤᠷ ᠤᠨ ᠢᠨᠵᠧᠨᠧᠷᠢᠩ ᠤᠨ ᠲᠥᠷᠥᠯ  ᠵᠤᠶᠢᠯ ᠤᠨ ᠲᠥᠰᠦᠯ ᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ᠂ ᠬᠤᠳᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠠᠵᠢᠯ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠤᠨ ᠰᠤᠷᠭᠠᠨ ᠬᠥᠮᠦᠵᠢᠯ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠲᠦᠷᠦᠯ ᠵᠦᠢᠯ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠤᠷᠠᠯ ᠠᠴᠠ ᠳᠤᠷᠠᠳᠤᠭᠰᠠᠨ ᠲᠥᠯᠥᠪᠵᠢᠭᠦᠯᠭᠡ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠵᠢᠯ ᠤᠨ ᠪᠡᠯᠡᠳᠬᠡᠯ ᠢ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠡᠬᠢᠯᠡᠭᠦᠯᠵᠦ᠂ ᠤᠷᠤᠭᠰᠢᠲᠠᠢ ᠬᠡᠷᠡᠭᠵᠢᠭᠦᠯᠵᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠢᠨᠵᠧᠨᠧᠷᠢᠩ ᠢ ᠦᠨᠡᠨᠬᠦ ᠠᠷᠠᠳ ᠲᠤ ᠠᠰᠢᠭ ᠬᠦᠷᠲᠡᠭᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠲᠥᠯᠥᠪᠵᠢᠭᠦᠯᠭᠡ ᠪᠣᠯᠤᠨ ᠠᠬᠢᠭᠤᠯᠤᠯᠲᠠ ᠵᠡᠷᠭᠡ ᠠᠰᠠᠭᠤᠳᠠᠯ ᠤᠨ ᠲᠣᠭᠤᠷᠢᠨ ᠳᠤ ᠵᠦᠢ ᠵᠣᠬᠢᠰᠲᠠᠢ ᠰᠠᠨᠠᠭᠤᠯᠭ᠎ᠠ ᠳᠤᠷᠠᠳᠴᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号