ᠰᠢ ᠶᠢᠨ ᠫᠢᠩ ᠯᠢᠦ ᡂᠢ ᠭᠤᠳᠤᠮᠵᠢ ᠪᠠᠷ ᠲᠤᠭᠤᠷᠢᠨ ᠦᠵᠡᠪᠡ᠄ ᠤᠯᠠᠮᠵᠢᠯᠠᠯᠲᠤ ᠰᠠᠶᠢᠬᠠᠨ ᠵᠠᠩ ᠰᠤᠷᠲᠠᠯ ᠢᠶᠠᠨ ᠰᠠᠶᠢᠲᠤᠷ ᠪᠠᠳᠠᠷᠠᠭᠤᠯᠵᠤ ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ ᠪᠤᠯᠭᠠᠨ᠎ᠠ
ᠨᠡᠶᠢᠲᠡᠯᠡᠭᠰᠡᠨ ᠴᠠᠭ᠄
2024/10/21
    17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠮᠤᠵᠢ ᠶᠢᠨ ᠲᠦᠩᠴᠧᠩ ᠬᠤᠲᠠ ᠶᠢᠨ ᠯᠢᠦ ᡂᠢ ᠭᠤᠳᠤᠮᠵᠢ ᠳᠤ ᠬᠦᠷᠴᠦ᠂ ᠵᠠᠩ ᠡᠦ ᠶᠢᠨ ᠨᠠᠶᠢᠷ ᠲᠠᠯᠪᠢᠭᠰᠠᠨ ᠰᠣᠩᠭᠤᠳᠠᠭ ᠦᠯᠢᠭᠡᠷ ᠢ ᠳᠠᠬᠢᠨᠲᠠ ᠳᠤᠷᠠᠰᠤᠨ ᠰᠣᠨᠢᠷᠬᠠᠵᠤ᠂ ᠲᠦᠩᠴᠧᠩ ᠤᠨ ᠲᠡᠦᠬᠡ ᠰᠣᠶᠣᠯ ᠤᠨ ᠦᠵᠡᠭᠦᠯᠭᠡ ᠶᠢ ᠪᠠᠶᠢᠴᠠᠭᠠᠨ ᠦᠵᠡᠪᠡ᠃ ᠰᠢ ᠶᠢᠨ ᠫᠢᠩ᠂  ᠡ᠊ᠨᠳᠡ ᠢᠷᠡᠵᠦ ᠦᠵᠡᠭᠡᠳ ᠰᠡᠳᠭᠢᠭᠳᠡᠯ ᠲᠥᠷᠥᠭᠳᠡᠯ ᠢᠶᠠᠷ ᠶᠡᠭᠡ ᠪᠠᠶᠢᠨ᠎ᠠ᠃ ᠯᠢᠦ ᡂᠢ ᠭᠤᠳᠤᠮᠵᠢ ᠨᠢ ᠳᠤᠮᠳᠠᠳᠤ ᠤᠯᠤᠰ ᠤᠨ ᠡᠷᠲᠡᠨ ᠤ ᠬᠥᠮᠦᠰ ᠤᠨ ᠲᠡᠦᠬᠡ ᠤᠶᠤᠨ ᠤᠬᠠᠭᠠᠨ ᠢ ᠠᠴᠢᠶᠠᠯᠠᠵᠤ ᠪᠤᠢ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠰᠠᠶᠢᠲᠤᠷ ᠪᠠᠳᠠᠷᠠᠭᠤᠯᠤᠨ᠂ ᠬᠠᠷᠢᠯᠴᠠᠨ ᠨᠠᠶᠢᠷ ᠲᠠᠯ᠎ᠠ ᠲᠠᠢ᠂ ᠡᠶ᠎ᠡ ᠡᠪᠲᠡᠢ ᠪᠠᠶᠢᠬᠤ ᠶᠢ ᠡᠷᠬᠢᠮᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠢ ᠰᠠᠶᠢᠲᠤᠷ ᠠᠷᠢᠯᠭᠠᠨ᠂ ᠮᠠᠨ ᠤ ᠨᠡᠶᠢᠭᠡᠮ ᠢᠶᠠᠨ ᠨᠡᠩ ᠡᠶ᠎ᠡ ᠵᠣᠬᠢᠴᠠᠯ ᠲᠠᠢ ᠪᠣᠯᠭᠠᠬᠤ ᠬᠡᠷᠡᠭᠲᠡᠢ ᠭᠡᠵᠡᠢ᠃
 11.jpg
95713daca6c04d91f030c03dc9ce782.jpg
33.jpg
ᠰᠢ ᠶᠢᠨ ᠫᠢᠩ᠄ ᠳᠣᠮᠳᠠᠳᠣ ᠣᠯᠣᠰ ᠤᠨ ᠮᠠᠶ᠋ᠢᠭ ᠤᠨ ᠤᠳᠤᠬᠢᠴᠢᠯᠠᠯᠲᠠ ᠶᠢ ᠠᠭᠢᠭᠤᠯᠬᠤ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠤᠨ᠎ᠠ    17 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠨᠾᠦ᠋ᠢ ᠮᠤᠵᠢ ᠶᠢᠨ ᠾᠧᠹᠸᠢ ᠶᠢᠨ ᠪᠢᠨ ᠬᠤ᠋ ᠰᠢᠨᠵᠢᠯᠡᠬᠦ ᠤᠬᠠᠭᠠᠨ ᠤ ᠬᠤᠲᠠ ᠳᠤ ᠬᠦᠷᠴᠦ᠂ ᠣᠶᠢᠷ᠎ᠠ ᠶᠢᠨ ᠵᠢᠯ ᠤᠳ ᠤᠨ ᠲᠤᠷᠰᠢᠬᠢ ᠠᠨᠾᠦ᠋ᠢ ᠮᠤᠵᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ ᠲᠥᠪᠯᠡᠷᠡᠭᠰᠡᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠤᠷ ᠲᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠬᠢᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠲᠤᠳᠤᠨᠤᠰᠤᠭ ᠢᠶᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠢᠶᠠᠷ ᠬᠤᠰᠢᠭᠤᠴᠢᠯᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯ ᠵᠠᠶᠢᠯᠠᠰᠢ ᠦᠭᠡᠢ ᠵᠠᠮᠨᠠᠬᠤ ᠵᠠᠮ ᠮᠥᠨ᠃ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠳ ᠢ ᠮᠠᠰᠢ ᠡᠷᠬᠢᠮᠯᠡᠵᠦ ᠬᠠᠶᠢᠷᠠᠯᠠᠳᠠᠭ᠃ ᠬᠥᠮᠦᠨ ᠤ ᠠᠮᠢᠳᠤᠷᠠᠯ ᠳᠤ ᠬᠡᠳᠦ ᠤᠳᠠᠭ᠎ᠠ ᠶᠢᠨ ᠲᠡᠮᠡᠴᠡᠬᠦ ᠳᠣᠬᠢᠶᠠᠯ ᠪᠠᠶᠢᠬᠤ ᠪᠣᠢ᠂ ᠤᠯᠠᠨ ᠢᠶᠠᠷ ᠢᠶᠠᠨ ᠥᠴᠥᠬᠡᠨ ᠴᠤ ᠡᠷᠡᠭᠡᠯᠵᠡᠯ ᠦᠭᠡᠢ ᠪᠠᠷ ᠤᠷᠤᠭᠰᠢ ᠲᠡᠮᠡᠦᠯᠦᠨ ᠦᠷᠭᠦᠯᠵᠢᠯᠡᠨ ᠲᠡᠮᠡᠴᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢᠨ ᠲᠤᠯᠠᠳᠠ ᠤᠶᠤᠨ ᠤᠬᠠᠭᠠᠨ ᠠᠪᠢᠶᠠᠰ ᠴᠢᠳᠠᠪᠤᠷᠢ ᠪᠠᠨ ᠡᠷᠭᠦᠬᠦ ᠬᠡᠷᠡᠭᠲᠡᠶ ᠭᠡᠵᠡᠢ᠃    ᠰᠤᠷᠪᠤᠯᠵᠢᠯᠠᠭᠴᠢ᠄ ᠳ᠋ᠦ᠋ ᠱᠠᠩ ᠽᠧ   ᠰᠡᠭᠦᠳᠡᠷᠯᠡᠭᠴᠢ᠄ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ  ᠰᠢᠶᠧ ᠬᠤᠸᠠᠨ ᡂᠢ   ᠶᠠᠨ ᠶᠠᠨ   ᠱᠧᠨ ᠬᠤᠩ       
44.jpg
55.jpg
88.jpg
66.jpg
99.jpg
 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号