ᠤᠯᠤᠰ ᠤᠨ ᠡᠮᠴᠢᠯᠡᠬᠡᠨ ᠤ ᠪᠦᠯᠬᠦᠮ ᠪᠤᠯᠤᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠬᠠᠮᠳᠤᠷᠠᠨ ᠮᠠᠯᠵᠢᠬᠤ ᠤᠷᠤᠨ ᠢᠶᠠᠷ ᠠᠯᠪᠠᠨ ᠵᠢᠷᠦᠮ ᠤᠨ ᠡᠮᠴᠢᠯᠡᠭᠡ ᠬᠢᠵᠡᠢ
ᠨᠡᠶᠢᠲᠡᠯᠡᠭᠰᠡᠨ ᠴᠠᠭ᠄
2024/10/22
    10 ᠰᠠᠷ᠎ᠠ ᠶᠢᠨ 17 ᠤ ᠡᠳᠦᠷ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠢᠬᠡᠳᠦᠭᠡᠷ ᠬᠠᠷᠢᠶᠠᠳᠤ ᠡᠮᠨᠡᠯᠬᠡ ᠶᠢᠨ ᠬᠤᠷᠢᠶᠠᠨ ᠤ ᠤᠯᠤᠰ ᠤᠨ ᠡᠮᠴᠢᠯᠡᠬᠡᠨ ᠤ ᠪᠦᠯᠬᠦᠮ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠶᠢ ᠬᠠᠪᠰᠦᠷᠦᠨ ᠲᠡᠳᠬᠦᠵᠦ ᠵᠢᠯᠤᠭᠤᠳᠬᠤ ᠠᠵᠢᠯ ᠢᠶᠠᠨ ᠠᠮᠵᠢᠯᠳᠠ ᠲᠠᠢ ᠪᠡᠶᠡᠯᠡᠬᠦᠯᠦᠭᠰᠡᠨ ᠤ ᠲᠠᠷᠠᠭ᠎ᠠ᠂ 6 ᠰᠠᠯᠠᠭ᠎ᠠ ᠲᠠᠰᠤᠭ ᠤᠨ ᠲᠤᠰᠬᠠᠢ ᠮᠡᠷᠬᠡᠵᠢᠯᠳᠡᠨ ᠪᠠ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠡ ᠶᠢᠨ ᠠᠯᠪᠠᠨ ᠵᠢᠷᠦᠮ ᠤᠨ ᠡᠮᠴᠢᠯᠡᠬᠡᠨ ᠤ ᠪᠦᠯᠬᠦᠮ ᠢ ᠲᠠᠶᠢᠴᠢᠯᠠᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠤᠯᠠᠭᠠᠨᠮᠤᠳᠤ ᠰᠤᠮᠤ ᠪᠤᠯᠤᠨ ᠮᠠᠨᠵᠤᠲ᠋ᠦ᠋ᠨ ᠤ ᠮᠠᠨᠵᠦ ᠦᠨᠳᠦᠰᠦᠳᠡᠨ ᠤ ᠰᠢᠶᠠᠩ ᠤᠨ ᠠᠯᠳ᠋ᠬᠠᠤᠳᠤ ᠭᠠᠴᠠᠭᠠᠨ ᠤ ᠬᠢᠯᠢ ᠶᠢᠨ ᠮᠠᠯᠴᠢᠳ ᠲᠤ ᠦᠨᠳᠦᠷ ᠪᠦᠳᠦᠮᠵᠢᠳᠡᠢ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠠᠢ᠃     ᠲᠤᠰᠬᠠᠢ ᠮᠡᠷᠬᠡᠵᠢᠯᠳᠡᠨ ᠨᠠᠷ ᠡᠮᠴᠢᠯᠡᠬᠦᠯᠬᠦ ᠪᠠᠷ ᠢᠷᠡᠭᠰᠡᠨ ᠮᠠᠯᠴᠢᠳ ᠲᠤ ᠪᠡᠶ᠎ᠡ ᠶᠢᠨ ᠪᠠᠶᠢᠴᠠᠭᠠᠯᠳᠠ ᠬᠢᠵᠦ ᠦᠭᠬᠦᠭᠰᠡᠨ ᠪᠦᠭᠡᠳ ᠲᠡᠳᠡᠨ ᠳᠤ ᠲᠤᠰᠬᠠᠢ ᠮᠡᠷᠭᠡᠵᠢᠯᠳᠡᠨ ᠢᠶᠠᠷ ᠤᠨᠤᠰᠢᠯᠠᠨ ᠵᠠᠰᠠᠭᠤᠯᠬᠤ ᠶᠢ ᠰᠠᠨᠠᠭᠤᠯᠵᠠᠢ᠃ ᠮᠠᠯᠴᠢᠳ ᠴᠤ ᠡᠬᠦᠳᠡᠨ ᠡᠮᠦᠨ᠎ᠡ ᠪᠠᠨ ᠤᠯᠤᠰ ᠤᠨ ᠲᠡᠰ ᠤᠨ ᠡᠮᠴᠢᠯᠡᠬᠡᠨ ᠤ ᠦᠢᠯᠡᠴᠢᠯᠡᠭᠡ ᠬᠦᠷᠳᠡᠵᠡᠢ ᠬᠡᠵᠦ ᠶᠠᠷᠢᠵᠠᠭᠠᠵᠦ ᠪᠠᠶᠢᠯ᠎ᠠ᠃ᠲᠤᠰ ᠤᠳᠠᠭᠠᠨ ᠤ ᠠᠵᠢᠯᠯᠠᠭ᠎ᠠ ᠨᠢ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠢᠬᠡᠳᠦᠭᠡᠷ ᠬᠠᠷᠢᠶᠠᠳᠤ ᠡᠮᠨᠡᠯᠬᠡ ᠶᠢᠨ ᠬᠤᠷᠢᠶ᠎ᠠ ᠶᠢᠨ ᠤᠯᠤᠰ ᠤᠨ ᠡᠮᠴᠢᠯᠡᠬᠡᠨ ᠤ ᠪᠦᠯᠬᠦᠮ ᠪᠤᠯᠤᠨ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠬᠤᠭᠤᠷᠤᠨᠳᠤᠬᠢ ᠬᠠᠮᠵᠢᠯᠴᠠᠭ᠎ᠠ ᠶᠢ ᠬᠦᠨᠵᠡᠬᠡᠶᠢᠷᠡᠬᠦᠯᠦᠭᠰᠡᠨ ᠲᠡᠳᠦᠢ ᠦᠬᠡᠢ ᠮᠠᠯᠵᠢᠬᠤ ᠤᠷᠤᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠡ ᠳᠤ ᠰᠢᠨ᠎ᠠ ᠠᠮᠢᠵᠢᠷᠠᠯ ᠤᠨ ᠬᠦᠴᠦᠨ ᠤᠯᠭᠤᠵᠠᠢ᠃     ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠢᠬᠡᠳᠦᠭᠡᠷ ᠬᠠᠷᠢᠶᠠᠳᠤ ᠡᠮᠨᠡᠯᠬᠡ ᠶᠢᠨ ᠬᠤᠷᠢᠶ᠎ᠠ ᠶᠢᠨ ᠤᠯᠤᠰ ᠤᠨ ᠡᠮᠴᠢᠯᠡᠬᠡᠨ ᠤ ᠪᠦᠯᠬᠦᠮ ᠤᠨ ᠬᠢᠨ ᠲᠠᠷᠠᠭᠠᠴᠢ ᠪᠠᠷ ᠷᠠᠰᠢᠶᠠᠨ ᠬᠤᠳᠠ᠂ ᠵᠠᠯᠠᠶᠢᠳ ᠬᠤᠰᠢᠭᠤ ᠪᠠᠷ ᠡᠮᠴᠢᠯᠡᠬᠡᠨ ᠤ ᠠᠵᠢᠯ ᠢᠶᠠᠨ ᠦᠷᠬᠦᠯᠵᠢᠯᠡᠨ ᠦᠷᠨᠢᠬᠦᠯᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号