| ᠠᠷᠪᠠᠨ ᠰᠠᠷ᠎ᠠ ᠶᠢᠨ ᠨᠢᠭᠡᠨ ᠳᠤ᠂ ᠵᠡᠭᠡᠯᠢ ᠭᠤᠳᠤᠮᠵᠢ ᠪᠠᠷ ᠳᠠᠪᠤᠨ ᠤᠳᠤᠳᠦ ᠤᠯᠠᠭᠠᠨ ᠳᠤᠬ ᠨᠠᠮᠢᠷᠠᠨ᠂ | ᠤᠯᠤᠰ ᠳᠠᠶᠠᠭᠠᠷ ᠢᠶᠠᠨ ᠤᠯᠤᠰ ᠪᠠᠶᠢᠭᠤᠯᠤᠬᠳᠠᠬᠰᠠᠨ 75 ᠵᠢᠯ ᠤᠨ ᠤᠢ ᠶᠢ ᠪᠡᠯᠭᠡᠯᠡᠨ᠎ᠠ᠃ ᠵᠠᠷᠢᠮ ᠨᠢ ᠡᠭᠡ | ᠤᠯᠤᠰ ᠢᠶᠠᠨ ᠮᠠᠬᠳᠠᠨ ᠳᠠᠭᠤᠯᠠᠵᠦ᠂ ᠵᠠᠷᠢᠮ ᠨᠢ ᠤᠯᠤᠰ ᠤᠨ ᠳᠤᠬ ᠮᠠᠨᠳᠤᠭᠤᠯᠬᠤ ᠶᠤᠰᠤᠯᠠᠯ ᠶᠠᠪᠤᠭᠤᠯᠵᠦ ᠡᠭᠡ | ᠤᠯᠤᠰ ᠤᠨ ᠢᠶᠠᠨ ᠬᠦᠭᠵᠢᠯ ᠪᠠᠳᠠᠷᠠᠯ ᠤᠨ ᠳᠡᠤᠭᠡ ᠶᠢ ᠡᠷᠬᠢᠴᠡᠬᠦᠯᠤᠨᠠ᠂ ᠭᠡᠶ᠎ᠠ ᠨᠢᠭᠡ ᠪᠦᠯᠦᠭ ᠬᠦᠮᠦᠨ ᠡᠳᠦᠷ | ᠰᠦᠨᠢ ᠶᠢ ᠢᠯᠭᠠᠯ ᠦᠭᠡᠢ ᠡᠭᠡ ᠤᠯᠤᠰ ᠤᠨ ᠢᠶᠠᠨ ᠬᠢᠯᠢ ᠬᠢᠵᠠᠭᠠᠷ ᠢ ᠰᠠᠬᠢᠨ ᠬᠠᠮᠠᠭᠠᠯᠠᠵᠦ᠂ ᠤᠯᠠᠨ ᠲᠦᠮᠡᠨ ᠤ | ᠠᠮᠤᠷ ᠲᠦᠪᠰᠢᠨ ᠤ ᠲᠦᠯᠦᠭᠡ ᠬᠠᠷᠠᠮ ᠦᠭᠡᠢ ᠵᠢᠳᠭᠦᠨ᠎ᠠ᠃ | 10 ᠰᠠᠷ᠎ᠠ ᠶᠢᠨ 1 ᠤ ᠡᠳᠦᠷ᠂ ᠦᠷᠯᠦᠭᠡ ᠶᠢᠨ ᠨᠡᠷᠠᠨ ᠠᠭᠤᠯᠠ ᠶᠢᠨ ᠲᠤᠯᠤᠭᠠᠢ ᠶᠢ ᠰᠢᠬᠦᠷᠡᠬᠦ ᠲᠠᠢ ᠵᠡᠷᠭᠡ | ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠶᠢᠨ | ᠳᠠᠷᠤᠭ᠎ᠠ ᠬᠥᠭᠵᠢᠯᠲᠦ ᠪᠤᠯᠤᠨ 67 ᠨᠠᠰᠤᠲᠠᠢ ᠬᠢᠯᠢ ᠶᠢᠨ ᠬᠠᠮᠠᠭᠠᠯᠠᠭᠴᠢ ᠸᠠᠩ ᠢᠦᠢ ᠹᠠ ᠡᠵᠢᠯ ᠳᠤ ᠪᠠᠨ ᠭᠠᠷᠴᠦ᠂ | ᠬᠢᠯᠢ ᠶᠢᠨ ᠱᠤᠭᠤᠮ ᠤᠨ ᠪᠠᠶᠢᠳᠡᠯ ᠢ ᠳᠤᠷᠠᠨ ᠢᠶᠠᠷ ᠠᠵᠢᠭᠯᠠᠨ ᠨᠠᠷᠢᠨ ᠲᠣᠳᠣᠷᠬᠠᠢ ᠲᠡᠮᠳᠡᠭᠯᠡᠯ ᠬᠢᠵᠦ᠂ ᠬᠢᠯᠢ ᠶᠢᠨ | ᠱᠤᠭᠤᠮ ᠢᠶᠠᠨ ᠪᠠᠲᠤ ᠰᠠᠬᠢᠵᠠᠢ᠃ ᠡᠶᠢᠮᠦᠷᠭᠦ ᠬᠢᠩᠭᠠᠨ ᠠᠶᠢᠮᠠᠭ ᠤᠨ ᠬᠢᠯᠢ ᠶᠢᠨ ᠬᠠᠮᠢᠶᠠᠷᠤᠯᠲᠠ ᠶᠢᠨ ᠴᠠᠭᠳᠠᠭ᠎ᠠ᠂ | ᠬᠢᠯᠢ ᠶᠢᠨ ᠬᠠᠮᠠᠭᠠᠯᠠᠭᠴᠢ᠂ ᠵᠢᠷᠤᠮ ᠤᠨ ᠴᠠᠭᠳᠠᠭ᠎ᠠ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠢᠭᠲᠠᠷᠠᠨ | ᠪᠦᠯᠬᠦᠮᠳᠡᠵᠦ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠰᠠᠬᠢᠨ ᠬᠠᠮᠠᠭᠠᠯᠠᠵᠤ ᠪᠠᠶᠢᠭ᠎ᠠ ᠶᠤᠮ᠃ | ᠬᠢᠯᠢ ᠶᠢᠨ ᠬᠥᠰᠢᠶ᠎ᠡ ᠪᠠᠨ ᠳᠤᠷᠠᠶᠢᠳᠠᠯᠠ ᠰᠢᠷᠳᠡᠵᠦ ᠬᠢᠯᠢ ᠬᠢᠵᠠᠭᠠᠷ ᠢᠶᠠᠨ ᠪᠠᠳᠦ ᠰᠠᠬᠢᠨ᠎ᠠ | ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ 1378 ᠨᠣᠮᠧᠷᠲᠤ ᠬᠢᠯᠢ ᠶᠢᠨ ᠬᠥᠰᠢᠶ᠎ᠡ ᠠᠴᠠ 1381 | ᠨᠣᠮᠧᠷᠲᠤ ᠬᠢᠯᠢ ᠶᠢᠨ ᠬᠥᠰᠢᠶ᠎ᠡ ᠶᠢᠨ ᠬᠤᠭᠤᠷᠣᠨᠳᠤᠬᠢ 25.928 ᠺᠢᠯᠣᠮᠧᠲᠷ ᠣᠷᠳᠣ ᠬᠢᠯᠢ ᠶᠢᠨ ᠱᠤᠭᠤᠮ ᠢ ᠸᠠᠩ | ᠢᠦᠶ ᠹᠠ ᠰᠠᠬᠢᠨ ᠰᠠᠭᠤᠭᠠᠳ ᠨᠢᠬᠡᠨᠳᠡ 20 ᠭᠠᠷᠤᠶ ᠵᠢᠯ ᠪᠤᠯᠵᠦ ᠪᠠᠶᠢᠨ᠎ᠠ᠃ ᠷᠠᠰᠢᠶᠠᠨ ᠬᠤᠳᠠ ᠶᠢᠨ | ᠬᠠᠷᠢᠶᠠᠨ ᠳᠠᠬᠢ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠲᠡᠭᠡᠷᠡᠬᠢ ︽ᠬᠢᠯᠢ ᠪᠠᠨ ᠬᠠᠶᠢᠷᠠᠯᠠᠬᠤ᠂ ᠬᠢᠯᠢ ᠪᠠᠨ | ᠬᠠᠮᠠᠭᠠᠯᠠᠬᠤ᠂ ᠬᠢᠯᠢ ᠪᠠᠨ ᠰᠠᠬᠢᠬᠤ᠂ ᠬᠢᠯᠢ ᠪᠠᠨ ᠬᠦᠴᠦᠷᠬᠡᠭᠵᠢᠭᠦᠯᠬᠦ︾ ᠭᠡᠰᠡᠨ ᠬᠡᠳᠦᠨ ᠲᠣᠮᠣ ᠦᠰᠦᠭ ᠪᠣᠯ ᠳᠠᠷᠤᠢ | ᠳᠡᠬᠦᠨ ᠤ ᠠᠭᠤᠯᠠᠨ ᠬᠥᠲᠥᠯ ᠳᠡᠭᠡᠷ᠎ᠡ 1000 ᠭᠠᠷᠤᠶ ᠴᠢᠯᠠᠭᠤ ᠲᠣᠭᠤᠰᠭ᠎ᠠ ᠪᠠᠷ ᠪᠠᠶᠢᠭᠤᠯᠤᠬᠰᠠᠨ ᠪᠦᠳᠦᠭᠡᠯ | ᠪᠤᠯᠬᠤ ᠶᠤᠮ᠃ | ︽ᠮᠢᠨᠦ ᠦᠢᠯᠡᠳᠪᠦᠷᠢᠯᠡᠯ ᠠᠮᠢᠳᠤᠷᠠᠯ ᠤᠨ ᠤᠷᠴᠢᠨ ᠬᠢᠯᠢ ᠶᠢᠨ ᠱᠤᠭᠤᠮ ᠠᠴᠠ ᠤᠶᠢᠷᠠᠬᠠᠨ᠂ ᠡᠳᠦᠷ ᠳᠤᠳᠤᠮ | ᠬᠤᠨᠢ ᠮᠠᠯ ᠢᠶᠠᠨ ᠬᠠᠷᠢᠭᠤᠯᠬᠤ ᠶᠢᠨ ᠳᠠᠭᠠᠤ ᠲᠣᠭᠤᠷᠢᠨ ᠪᠠᠶᠢᠴᠠᠭᠠᠵᠦ᠂ ᠭᠡᠪ ᠤᠨ ᠪᠤᠰᠦ ᠪᠠᠶᠢᠳᠡᠯ ᠢᠯᠡᠷᠡᠪᠡᠯ ᠳᠠᠷᠠ | ᠳᠠᠷᠤᠢ ᠳᠤᠨᠢ ᠬᠢᠯᠢ ᠶᠢᠨ ᠳᠤᠮᠢᠯᠠᠬᠰᠠᠨ ᠰᠠᠯᠪᠤᠷᠢ ᠳᠤ ᠮᠡᠳᠡᠬᠦᠯᠳᠡᠭ᠃ ᠪᠢ ᠬᠢᠯᠢ ᠶᠢᠨ ᠬᠠᠮᠠᠭᠠᠯᠠᠬᠴᠢ | ᠪᠤᠯᠤᠬᠰᠠᠨ ᠳᠠᠭᠠᠨ ᠮᠠᠰᠢ ᠤᠮᠤᠬᠰᠢᠯ ᠲᠠᠢ᠂ ᠨᠢᠭᠡ ᠨᠠᠰᠤ ᠪᠠᠷ ᠢᠶᠠᠨ ᠬᠢᠯᠢ ᠪᠠᠨ ᠰᠠᠬᠢᠨ ᠬᠠᠮᠠᠭᠠᠯᠠᠨ᠎ᠠ︾ ᠭᠡᠵᠦ ᠸᠠᠩ | ᠢᠦᠢ ᠹᠠ ᠰᠡᠳᠭᠢᠯ ᠳᠤᠬᠳᠤᠯᠤᠨ ᠶᠠᠷᠢᠯ᠎ᠠ᠃ | ᠡᠪᠤᠯ ᠤᠨ ᠨᠢᠭᠡᠨ ᠴᠠᠰᠤ ᠲᠠᠢ ᠡᠳᠦᠷ᠂ ᠸᠠᠩ ᠢᠦᠢ ᠹᠠ ᠬᠤᠨᠢ ᠬᠠᠷᠢᠭᠤᠯᠵᠦ ᠶᠠᠪᠤᠬᠤ ᠵᠠᠭᠤᠷ᠎ᠠ ᠪᠠᠨ ᠤᠯᠠᠨ | ᠬᠦᠮᠦᠨ ᠤ ᠶᠠᠪᠤᠵᠦ ᠦᠡᠭᠭᠡᠷᠡᠭᠰᠡᠨ ᠰᠡᠵᠢᠭᠯᠡᠯᠳᠠᠢ ᠤᠯᠠ ᠮᠦᠷ ᠢ ᠢᠯᠡᠷᠡᠬᠦᠯᠵᠦ᠂ ᠭᠡᠰᠡᠭ ᠠᠵᠢᠬᠯᠠᠵᠦ | ᠳᠤᠳᠤᠯᠠᠬᠰᠠᠨ ᠤ ᠳᠠᠷᠠᠭ᠎ᠠ ᠬᠢᠯᠢ ᠶᠢᠨ ᠳᠤᠮᠢᠯᠠᠬᠰᠠᠨ ᠰᠠᠯᠪᠤᠷᠢ ᠳᠤ ᠪᠠᠶᠢᠳᠡᠯ ᠢ ᠮᠡᠳᠡᠭᠦᠯᠪᠡ᠃ ᠲᠠᠭᠠᠤ ᠳᠤᠨᠢ ᠲᠡᠷᠡ | ᠰᠦᠷᠦᠭ ᠲᠠᠢ ᠬᠤᠨᠢ ᠪᠠᠨ ᠠᠷᠤ ᠲᠠᠭᠠᠨ ᠬᠠᠶᠠᠵᠦ᠂ ᠦᠷᠬᠦᠯᠵᠢᠯᠡᠨ ᠠᠵᠢᠬᠯᠠᠭᠠᠳ ᠴᠠᠬᠳᠠᠭ᠎ᠠ ᠨᠠᠷ ᠲᠤ ᠮᠠᠰᠢ | ᠠᠰᠢᠬᠳᠠᠢ ᠰᠦᠪᠡᠭᠴᠢ ᠬᠠᠨᠭ᠍ᠭᠠᠯ᠎ᠠ᠃ ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠡᠨᠡᠬᠦ ᠰᠦᠪᠡᠭᠴᠢ ᠪᠠᠷ ᠬᠠᠤᠯᠢ ᠶᠢ | ᠵᠥᠷᠢᠴᠡᠭᠰᠡᠨ ᠬᠤᠶᠠᠷ ᠭᠡᠷᠡᠭ ᠤᠨ ᠰᠡᠵᠢᠭᠳᠡᠨ ᠢ ᠪᠠᠷᠢᠪᠴᠢᠯᠠᠪᠠ᠃ ᠣᠲᠣᠬᠠᠨ ᠪᠣᠯᠲᠠᠯ᠎ᠠ᠂ ᠸᠠᠩ ᠢᠦᠶ ᠹᠠ ᠢᠷᠪᠢᠰ | ᠬᠢᠯᠢ ᠶᠢᠨ ᠲᠣᠮᠢᠯᠠᠭᠰᠠᠨ ᠰᠠᠯᠪᠤᠷᠢ ᠶᠢ ᠬᠠᠮᠵᠢᠵᠦ᠂ ᠤᠯᠤᠰ ᠤᠨ ᠬᠢᠯᠢ ᠶᠢ ᠬᠠᠤᠯᠢ ᠪᠤᠰᠦ ᠪᠠᠷ ᠳᠠᠪᠠᠭ᠋ᠤ ᠪᠠᠷ | ᠭᠤᠷᠢᠳᠠᠭᠰᠠᠨ 5 ᠬᠥᠮᠦᠨ ᠢ ᠪᠠᠷᠢᠪᠴᠢᠯᠠᠵᠤ᠂ ᠲᠥᠭᠡᠷᠢᠭᠰᠡᠨ ᠡᠳᠡᠭᠡᠳ ᠢ ᠨᠡᠶᠢᠲᠡ 70 ᠭᠠᠷᠤᠶ ᠬᠥᠮᠦᠨ ︵ᠤᠳᠠᠭ᠎ᠠ | ︶ ᠠᠪᠤᠷᠠᠨ ᠲᠤᠰᠠᠯᠠᠵᠤ᠂ ᠰᠢᠷᠬᠠᠲᠤᠭᠰᠠᠨ ᠬᠡᠭᠡᠷ᠎ᠡ ᠶᠢᠨ ᠠᠮᠢᠲᠠᠨ ᠢ 76 ᠤᠳᠠᠭ᠎ᠠ ᠠᠪᠤᠷᠠᠵᠤ᠂ ᠬᠢᠯᠢ ᠶᠢᠨ ᠲᠡᠮᠦᠷ | ᠤᠲᠠᠰᠤᠨ ᠲᠣᠤᠷ ᠢ 100 ᠭᠠᠷᠤᠶ ᠤᠳᠠᠭ᠎ᠠ ᠰᠡᠯᠪᠢᠨ ᠵᠠᠰᠠᠬᠰᠠᠨ ᠪᠠᠶᠢᠨ᠎ᠠ᠃ ᠲᠡᠷᠡ ᠤᠷᠢᠳ ᠬᠤᠵᠢᠳ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠬᠢᠯᠢ ᠶᠢᠨ ᠠᠷᠠᠳ︾᠂ ᠬᠢᠩᠭᠠᠨ ᠠᠶᠢᠮᠠᠭ ᠤᠨ ︽ | ᠠᠷᠪᠠᠨ ᠰᠢᠯᠢᠳᠡᠭ ᠬᠢᠯᠢ ᠶᠢᠨ ᠬᠠᠮᠠᠭᠠᠯᠠᠭᠴᠢ︾ ᠵᠡᠷᠭᠡ ᠢᠷᠠᠭᠤ ᠠᠯᠳᠠᠷ ᠢ ᠬᠦᠷᠳᠡᠪᠡ᠃ | ᠡᠭᠡ ᠤᠯᠤᠰ ᠢᠶᠠᠨ ᠮᠠᠬᠳᠠᠨ ᠳᠠᠭᠤᠯᠠᠵᠤ ᠬᠢᠯᠢ ᠬᠢᠵᠠᠭᠠᠷ ᠢᠶᠠᠨ ᠪᠠᠳᠦ ᠬᠠᠮᠠᠭᠠᠯᠠᠨ᠎ᠠ | 2019 ᠣᠨ ᠳᠤ᠂ ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠬᠢᠯᠢ ᠶᠢᠨ | ᠰᠡᠷᠭᠡᠶᠢᠯᠡᠯᠲᠡ ᠶᠢ ᠪᠠᠬᠢᠵᠢᠭᠦᠯᠬᠦ ᠪᠠᠷ ︽ᠲᠠᠯ᠎ᠠ ᠨᠤᠲᠤᠭ ᠢ ᠰᠠᠬᠢᠨ ᠪᠠᠷᠠᠯᠠᠬᠤ ᠴᠠᠭᠳᠠᠨ ᠰᠡᠷᠭᠡᠶᠢᠯᠡᠬᠦ ᠠᠩᠬᠢ︾ ᠶᠢ | ᠰᠢᠨ᠎ᠡ ᠪᠠᠷ ᠵᠤᠬᠢᠶᠠᠨ ᠪᠠᠶᠢᠭᠤᠯᠵᠠᠢ᠃ ᠡᠨᠡᠬᠦ ᠦᠨᠳᠦᠰᠦᠲᠡᠨ ᠨᠦᠭᠦᠳ ᠤᠨ ᠤᠯᠠᠨ ᠲᠦᠮᠡᠨ ᠢᠶᠠᠷ ᠪᠦᠷᠢᠯᠳᠦᠭᠰᠡᠨ ︽ | ᠲᠠᠯ᠎ᠠ ᠨᠤᠲᠤᠭ ᠢ ᠰᠠᠬᠢᠨ ᠪᠠᠷᠠᠯᠠᠬᠤ ᠴᠠᠭᠳᠠᠨ ᠰᠡᠷᠭᠡᠶᠢᠯᠡᠬᠦ ᠠᠩᠬᠢ︾ ᠶᠢ ᠲᠤᠬᠠᠢ ᠶᠢᠨ ᠭᠠᠵᠠᠷ ᠤᠨ ᠮᠠᠯᠴᠢᠨ | ᠲᠠᠷᠢᠶᠠᠴᠢᠳ ︽ᠨᠡᠭᠦᠳᠡᠯ ᠬᠠᠷᠠᠭᠤᠯ ᠤᠨ ᠴᠡᠷᠢᠭ︾᠂ ︽ᠲᠠᠯ᠎ᠠ ᠨᠤᠲᠤᠭ ᠤᠨ ᠬᠠᠮᠠᠭᠠᠯᠠᠭᠴᠢ︾ ᠭᠡᠵᠦ | ᠳᠣᠲᠣᠨᠣᠰᠤᠭ ᠢᠶᠠᠷ ᠨᠡᠷᠡᠯᠡᠪᠡ᠃ | ︽ᠴᠠᠭᠳᠠᠨ ᠰᠡᠷᠭᠡᠶᠢᠯᠡᠬᠦ ᠠᠩᠬᠢ ᠶᠢᠨ ᠭᠡᠰᠢᠭᠦᠳ ᠬᠢᠯᠢ ᠶᠢᠨ ᠲᠣᠮᠢᠯᠠᠭᠰᠠᠨ ᠰᠠᠯᠪᠤᠷᠢ ᠶᠢ ᠬᠠᠪᠰᠤᠷᠤᠨ ᠬᠢᠯᠢ ᠶᠢ | ᠴᠠᠭᠳᠠᠨ ᠪᠠᠶᠢᠴᠠᠭᠠᠬᠤ᠂ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ᠂ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ | ᠤᠯᠠᠨ ᠢᠶᠠᠷ ᠢᠶᠠᠨ ᠰᠡᠷᠭᠡᠶᠢᠯᠡᠨ ᠵᠠᠰᠠᠬᠤ ᠪᠠ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠥᠷᠨᠢᠭᠦᠯᠵᠦ ᠪᠤᠢ︾ ᠭᠡᠵᠦ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ | ᠬᠢᠯᠢ ᠶᠢᠨ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠤᠭᠤᠳᠤᠬᠴᠢ ᠪᠤᠶᠠᠨᠲᠤ ᠲᠠᠨᠢᠯᠴᠠᠭᠤᠯᠤᠯ᠎ᠠ᠃ | 10 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠨᠵᠦᠲ᠋ᠦ᠋ᠨ ᠤ | ᠮᠠᠨᠵᠤ ᠦᠨᠳᠦᠰᠦᠲᠡᠨ ᠤ ᠰᠢᠶᠠᠩ ᠤᠨ ᠤᠯᠠᠭᠠᠨ ᠤᠳᠦ ᠭᠠᠴᠠᠭ᠎ᠠ ᠶᠢᠨ ᠮᠠᠯᠴᠢᠳ ᠪᠠᠢ ᠨᠠᠮᠵᠢᠯ ᠤᠨ ᠭᠡᠷ ᠲᠤ | ᠴᠤᠬᠯᠠᠷᠠᠨ᠂ ᠬᠠᠮᠳᠦ ᠪᠠᠷ ᠳᠤᠬ ᠮᠠᠨᠳᠤᠭᠤᠯᠬᠤ ᠶᠤᠰᠤᠯᠠᠯ ᠶᠠᠪᠤᠭᠤᠯᠵᠦ᠂ ᠤᠯᠤᠰ ᠤᠨ ᠰᠦᠯᠳᠡ ᠳᠠᠭᠤᠤ ᠳᠠᠭᠤᠯᠠᠨ᠂ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 75 ᠵᠢᠯ ᠤᠨ ᠤᠢ ᠶᠢᠨ ᠪᠠᠶᠠᠷ ᠢ | ᠪᠡᠯᠭᠡᠯᠡᠪᠡ᠃ | ᠪᠠᠢ ᠨᠠᠮᠵᠢᠯ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠲᠠᠯ᠎ᠠ ᠨᠤᠲᠤᠭ ᠢ ᠰᠠᠬᠢᠨ | ᠪᠠᠷᠠᠯᠠᠬᠤ ᠴᠠᠭᠳᠠᠨ ᠰᠡᠷᠭᠡᠶᠢᠯᠡᠬᠦ ᠠᠩᠬᠢ︾ ᠶᠢᠨ ᠭᠡᠰᠢᠭᠦᠨ᠂ 30 ᠭᠠᠷᠤᠢ ᠵᠢᠯ ᠤᠨ ᠨᠠᠮᠳᠠᠷ ᠲᠠᠢ ᠠᠬᠠᠮᠠᠳ ᠨᠠᠮ ᠤᠨ | ᠭᠡᠰᠢᠭᠦᠨ ᠪᠣᠯᠤᠨ᠎ᠠ᠃ ᠳᠡᠷᠡ ᠬᠡᠰᠡᠭ ᠬᠤᠭᠤᠴᠠᠭ᠎ᠠ ᠥᠩᠭᠡᠷᠡᠬᠦ ᠪᠦᠷᠢ ᠬᠥᠷᠰᠢ ᠵᠡᠷᠭᠡᠯᠡᠳᠡᠭᠡ ᠶᠢᠨ ᠮᠠᠯᠴᠢᠨ ᠠᠷᠠᠳ ᠢ | ᠵᠣᠬᠢᠶᠠᠨ ᠪᠠᠶᠢᠭᠤᠯᠤᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠵᠦ᠂ ᠨᠠᠮ ᠵᠠᠰᠠᠭ ᠤᠨ ᠲᠦᠷᠦ ᠶᠢᠨ | ᠪᠤᠳᠤᠯᠭ᠎ᠠ ᠪᠠ ᠬᠠᠤᠯᠢ ᠴᠠᠭᠠᠵᠠ ᠲᠦᠷᠢᠮ ᠳᠤᠬᠳᠠᠭᠠᠯ ᠢ ᠤᠬᠠᠭᠤᠯᠤᠨ ᠳᠠᠶᠢᠯᠪᠤᠷᠢᠯᠠᠵᠦ᠂ ᠠᠵᠤ ᠦᠢᠯᠡᠰ ᠢᠶᠠᠨ | ᠬᠥᠭᠵᠢᠭᠦᠯᠤᠨ ᠪᠠᠶᠠᠵᠢᠨ ᠴᠢᠨᠡᠬᠡᠯᠢᠭᠵᠢᠬᠦ ᠶᠢ ᠵᠤᠷᠢᠬᠵᠢᠭᠤᠯᠳᠠᠬ᠃ ︽ᠬᠢᠯᠢ ᠬᠢᠵᠠᠭᠠᠷ ᠤᠷᠤᠨ ᠪᠣᠯ ᠮᠠᠨᠤᠰ ᠤᠨ | ᠬᠠᠮᠲᠤ ᠶᠢᠨ ᠭᠡᠷ ᠤᠷᠤᠨ ᠮᠥᠨ᠂ ᠪᠢ ᠬᠢᠯᠢ ᠬᠢᠵᠠᠭᠠᠷ ᠢᠶᠠᠨ ᠰᠠᠶᠢᠲᠤᠷ ᠰᠠᠬᠢᠵᠤ᠂ ᠬᠢᠯᠢ ᠬᠢᠵᠠᠭᠠᠷ ᠢᠶᠠᠨ ᠰᠠᠬᠢᠨ | ᠬᠠᠮᠠᠭᠠᠯᠠᠬᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠨ᠎ᠠ︾ ᠭᠡᠵᠦ ᠪᠠᠢ ᠨᠠᠮᠵᠢᠯ ᠢᠳᠡᠭᠡᠯ ᠳᠡᠬᠦᠯᠳᠡᠷ ᠶᠠᠷᠢᠵᠦ | ᠪᠠᠶᠢᠯ᠎ᠠ᠃ | ᠤᠳᠤ᠂ ᠮᠠᠯᠴᠢᠨ ᠲᠠᠷᠢᠶᠠᠴᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠲᠠᠯ᠎ᠠ ᠨᠤᠲᠤᠭ ᠢ ᠰᠠᠬᠢᠨ | ᠪᠠᠷᠠᠯᠠᠬᠤ ᠴᠠᠬᠳᠠᠨ ᠰᠡᠷᠭᠡᠶᠢᠯᠡᠬᠦ ᠠᠩᠬᠢ︾ ᠳᠤ ᠨᠠᠷᠠ ᠮᠡᠳᠡᠬᠦᠯᠤᠨ ᠤᠷᠤᠯᠴᠠᠵᠦ᠂ ᠦᠨᠳᠦᠰᠦᠲᠡᠨ ᠨᠦᠭᠦᠳ ᠤᠨ | ᠤᠯᠠᠨ ᠲᠦᠮᠡᠨ ᠲᠠᠢ ᠭᠠᠷ ᠬᠤᠯᠪᠣᠯᠴᠠᠨ᠂ ᠬᠢᠯᠢ ᠬᠢᠵᠠᠭᠠᠷ ᠲᠠᠬᠢ ᠰᠡᠷᠭᠡᠶᠢᠯᠡᠨ ᠬᠠᠮᠠᠭᠠᠯᠠᠯᠳᠠ ᠶᠢᠨ ᠬᠦᠴᠦᠨ ᠢᠶᠠᠨ | ᠪᠠᠬᠢᠵᠢᠬᠦᠯᠵᠦ᠂ ᠡᠭᠡ ᠤᠯᠤᠰ ᠤᠨ ᠤᠮᠠᠷᠠᠳᠦ ᠬᠢᠯᠢ ᠶᠢ ᠪᠠᠳᠦ ᠰᠠᠬᠢᠨ᠎ᠠ᠃ | ᠴᠠᠭᠳᠠᠭ᠎ᠠ ᠠᠷᠠᠳ ᠬᠠᠮᠵᠢᠯᠴᠠᠨ ᠬᠢᠯᠢ ᠪᠠᠨ ᠬᠦᠭᠵᠢᠬᠦᠯᠤᠨ ᠬᠢᠯᠢ ᠪᠠᠨ ᠪᠠᠬᠢᠵᠢᠬᠦᠯᠤᠨ᠎ᠠ | ︽ᠵᠠᠬᠢᠶᠠᠯᠠᠭ᠎ᠠ ᠶᠢᠨ ᠬᠠᠭᠤᠳᠠᠰᠤ ᠶᠠᠪᠤᠬᠤ ᠳᠤᠳᠤᠮ ᠤᠯᠠᠰᠢᠷᠠᠵᠦ᠂ ᠬᠤᠳᠠᠯᠳᠤᠭ᠎ᠠ ᠮᠠᠶᠢᠮᠠᠢ ᠶᠠᠪᠤᠬᠤ ᠳᠤᠳᠤᠮ | ᠬᠦᠭᠵᠢᠶᠡᠨᠳᠠᠢ ᠪᠤᠯᠵᠦ ᠪᠠᠶᠢᠨ᠎ᠠ᠃ ᠡᠨᠡ ᠨᠢ ᠪᠦᠷ ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠶᠢᠨ ᠴᠠᠭᠳᠠᠭ᠎ᠠ | ᠨᠠᠷ ᠤᠨ ᠬᠠᠪᠰᠤᠷᠤᠯᠭ᠎ᠠ ᠳᠠᠮᠵᠢᠯᠭᠡ ᠠᠴᠠ ᠰᠠᠯᠵᠤ ᠴᠢᠳᠠᠬᠤ ᠦᠭᠡᠶ ᠶᠤᠮ︾ ᠭᠡᠵᠦ ᠷᠠᠰᠢᠶᠠᠨ ᠬᠤᠳᠠ ᠶᠢᠨ ᠯᠢᠨ ᠬᠠᠢ | ᠵᠡᠭᠡᠯᠢ ᠶᠢᠨ ᠬᠤᠳᠠᠯᠳᠤᠭᠠᠴᠢᠨ ᠯᠢᠦ ᠵᠢᠶᠠᠨ ᠶᠠᠷᠢᠵᠦ ᠪᠠᠶᠢᠯ᠎ᠠ᠃ | ᠲᠦᠷᠪᠡᠨ ᠵᠢᠯ ᠤᠨ ᠡᠮᠦᠨ᠎ᠡ᠂ ᠯᠢᠦ ᠵᠢᠶᠠᠨ ᠭᠡᠳᠤᠨ ᠵᠠᠯᠠᠭᠤ ᠶᠢ ᠳᠠᠭᠠᠭᠤᠯᠤᠨ ᠲᠠᠷᠢᠶᠠᠯᠠᠩ ᠤᠨ ᠣᠨᠴᠠ | ᠭᠠᠷᠤᠯᠲᠠ ᠶᠢᠨ ᠲᠤᠰᠬᠠᠢ ᠬᠤᠷᠰᠢᠶ᠎ᠠ ᠶᠢ ᠪᠠᠶᠢᠭᠤᠯᠵᠤ᠂ ᠰᠦᠯᠵᠢᠶᠡᠨ ᠲᠤᠳᠤᠨ᠎ᠠ ᠭᠠᠳᠠᠨᠠᠬᠢ ᠶᠢ | ᠠᠭᠤᠰᠤᠯᠴᠠᠭᠤᠯᠤᠬᠰᠠᠨ ᠡᠵᠡᠩᠨᠡᠯᠲᠡ ᠶᠢᠨ ᠵᠠᠭᠪᠤᠷ ᠢ ᠭᠡᠷᠡᠭᠵᠢᠬᠦᠯᠦᠭᠰᠡᠨ ᠪᠠᠶᠢᠯ᠎ᠠ᠂ ᠭᠡᠪᠡᠴᠦ ᠡᠬᠢᠨ ᠤ | ᠬᠤᠭᠤᠴᠠᠭᠠᠨ ᠳᠤ ᠲᠡᠶᠢᠮᠦ ᠤᠷᠤᠭᠰᠢᠲᠠᠢ ᠪᠢᠰᠢ᠃ ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠶᠢᠨ ᠳᠠᠷᠤᠭ᠎ᠠ | ᠬᠥᠭᠵᠢᠯᠲᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠳᠡᠨ ᠢ ᠬᠠᠪᠰᠤᠷᠤᠨ ᠪᠡᠯᠡ ᠮᠥᠩᠭᠦ ᠵᠣᠬᠢᠴᠠᠭᠤᠯᠤᠨ | ᠥᠭᠭᠦᠭᠰᠡᠨ ᠢᠶᠠᠷ ᠪᠠᠷᠠᠬᠤ ᠦᠭᠡᠶ ᠪᠠᠰᠠ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠲᠣᠬᠢᠶᠠᠯ ᠢ ᠣᠯᠠᠨ | ᠤᠳᠠᠭ᠎ᠠ ᠬᠠᠩᠭᠠᠵᠤ᠂ ᠡᠵᠡᠩᠨᠡᠯᠳᠠ ᠪᠤᠷᠤᠯᠠᠭᠤᠯᠭ᠎ᠠ ᠶᠢᠨ ᠵᠠᠮ ᠢ ᠨᠢ ᠰᠠᠷᠠᠭᠤᠯᠵᠢᠭᠤᠯᠤᠬᠰᠠᠨ ᠪᠠᠶᠢᠯ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠢᠷᠪᠢᠰ | ᠬᠢᠯᠢ ᠶᠢᠨ ᠲᠣᠮᠢᠯᠠᠭᠰᠠᠨ ᠰᠠᠯᠪᠤᠷᠢ ᠬᠠᠷᠢᠶᠠᠳᠦ ᠤᠷᠤᠨ ᠤ ᠪᠠᠨ ᠨᠡᠶᠢᠭᠡᠮ ᠲᠣᠭᠤᠷᠢᠭ᠂ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠦ᠂ ᠳᠤᠬᠠᠢ ᠶᠢᠨ ᠭᠠᠵᠠᠷ ᠤᠨ ᠢᠶᠠᠨ ᠮᠦᠬᠦ᠂ ᠠᠯᠳᠠᠩᠬᠤᠸ᠎ᠠ ᠴᠡᠴᠡᠭ | ᠵᠡᠷᠭᠡ ᠤᠢ ᠰᠢᠭᠤᠢ ᠶᠢᠨ ᠪᠦᠲᠦᠭᠡᠭᠳᠡᠬᠦᠨ ᠤ ᠡᠬᠢ ᠪᠠᠶᠠᠯᠢᠭ ᠢ ᠭᠦᠢᠴᠡᠳ ᠠᠭᠤᠳᠠᠯᠵᠤ᠂ ᠤᠯᠠᠨ ᠲᠦᠮᠡᠨ ᠤ | ᠰᠦᠯᠵᠢᠶᠡᠨ ᠳᠡᠭᠡᠷᠡᠬᠢ ᠪᠣᠷᠣᠯᠠᠭᠤᠯᠬᠤ ᠵᠠᠮ ᠢ ᠥᠷᠭᠡᠳᠭᠡᠬᠦ ᠳᠤ ᠬᠦᠴᠦᠨ ᠨᠡᠮᠡᠷᠢᠯᠡᠵᠡᠢ᠃ ᠲᠡᠳᠡ ᠪᠠᠰᠠ ᠬᠢᠯᠢ ᠶᠢᠨ | ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠥᠪᠡᠷᠮᠢᠴᠡ ᠣᠨᠴᠠᠯᠢᠭ ᠲᠠᠢ ︽ᠬᠢᠯᠢ ᠶᠢᠨ ᠵᠢᠭᠤᠯᠴᠢᠯᠠᠯ︾ | ᠪᠠ ︽ᠬᠦᠳᠡᠭᠡ ᠠᠶᠢᠯ ᠪᠠᠭᠤᠳᠠᠯ︾ ᠵᠡᠷᠭᠡ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ᠂ ᠡᠷᠦᠬᠡ ᠪᠣᠯᠭᠠᠨ | ᠠᠵᠤ ᠦᠢᠯᠡᠰ ᠲᠠᠢ᠂ ᠡᠷᠦᠬᠡ ᠪᠣᠯᠭᠠᠨ ᠣᠷᠣᠯᠭ᠎ᠠ ᠳ᠋ᠠᠢ ᠪᠠᠶᠢᠬᠤ ᠶᠢ ᠦᠨᠡᠨᠬᠦ ᠪᠡᠶᠡᠯᠡᠭᠦᠯᠪᠡ᠃ | ᠤᠯᠤᠰ ᠤᠨ ᠪᠠᠶᠠᠷ ᠤᠨ ᠬᠤᠭᠤᠴᠠᠭᠠᠨ ᠳᠤ᠂ ᠷᠠᠰᠢᠶᠠᠨ ᠬᠤᠳᠠ ᠶᠢᠨ ᠨᠠᠮᠤᠷ ᠤᠨ ᠦᠵᠡᠮᠵᠢ ᠤᠨᠴᠠᠭᠠᠢ ᠭᠤᠶᠤ | ᠪᠠᠶᠢᠵᠦ᠂ ᠬᠤᠯᠠ ᠤᠶᠢᠷ᠎ᠠ ᠶᠢᠨ ᠵᠢᠭᠤᠯᠴᠢᠯᠠᠬᠴᠢᠳ ᠤᠨ ᠪᠠᠭ᠋ᠠᠷᠤᠯ ᠢ ᠳᠠᠳᠠᠯ᠎ᠠ᠃ ᠡᠨᠡᠬᠦ ᠬᠤᠭᠤᠴᠠᠭᠠᠨ ᠳᠤ᠂ ᠢᠷᠪᠢᠰ | ᠬᠢᠯᠢ ᠶᠢᠨ ᠳᠤᠮᠢᠯᠠᠬᠰᠠᠨ ᠰᠠᠯᠪᠤᠷᠢ ᠶᠢᠨ ᠬᠢᠨ ᠷᠠᠰᠢᠶᠠᠨ ᠬᠤᠳᠠ ᠶᠢᠨ ︽ᠴᠠᠰᠤᠲᠤ ᠬᠤᠲᠠ ᠶᠢᠨ ᠵᠢᠷᠤᠮ ᠤᠨ | ᠴᠠᠭᠳᠠᠭ᠎ᠠ︾ ᠶᠢ ᠳᠠᠶᠢᠴᠢᠯᠡᠨ ᠳᠠᠭᠠᠭᠤᠯᠵᠦ᠂ ᠵᠡᠭᠡᠯᠢ ᠭᠤᠳᠤᠮᠵᠢ ᠪᠠᠷ ᠳᠤᠭᠤᠷᠢᠨ ᠴᠠᠬᠳᠠᠵᠦ᠂ ᠬᠠᠷᠢᠶᠠᠳᠦ ᠤᠷᠤᠨ ᠤ | ᠠᠮᠤᠷ ᠲᠦᠪᠰᠢᠨ ᠠᠮᠤᠷ ᠳᠤᠬᠳᠠᠭᠤᠨ ᠡᠮᠬᠢ ᠲᠢᠭᠯᠢᠮ ᠢ ᠰᠠᠶᠢᠳᠤᠷ ᠪᠠᠳᠤᠯᠠᠪᠡ᠃ | ᠷᠠᠰᠢᠶᠠᠨ ᠬᠤᠳᠠ ᠶᠢᠨ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ ᠶᠢᠨ ᠠᠮᠤᠷ ᠢ ᠬᠠᠮᠠᠭᠠᠯᠠᠬᠤ | ᠬᠠᠮᠲᠤᠷᠠᠭᠰᠠᠨ ᠰᠡᠷᠭᠡᠶᠢᠯᠡᠯᠲᠡ ᠶᠢᠨ ᠨᠡᠶᠢᠭᠡᠮᠯᠢᠭ ᠪᠠᠶᠢᠭᠤᠯᠤᠭᠳᠠᠭᠰᠠᠨ ᠠᠴᠠ ᠨᠠᠭᠠᠰᠢ᠂ ᠤᠷᠢᠳ ᠬᠤᠵᠢᠳ 2.4 | ᠲᠦᠮᠡᠨ ᠬᠥᠮᠦᠨ ︵ᠤᠳᠠᠭ᠎ᠠ︶ ᠢ ᠵᠤᠬᠢᠶᠠᠨ ᠪᠠᠶᠢᠭᠤᠯᠵᠦ᠂ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠵᠢᠯᠴᠠᠨ | ᠡᠯ᠎ᠡ ᠲᠦᠷᠦᠯ ᠤᠨ ᠲᠣᠭᠤᠷᠢᠨ ᠰᠡᠷᠭᠡᠶᠢᠯᠡᠯᠲᠡ᠂ ᠪᠠᠶᠢᠴᠠᠭᠠᠯᠲᠠ ᠶᠢ 2800 ᠭᠠᠷᠤᠢ ᠤᠳᠠᠭ᠎ᠠ ᠥᠷᠨᠢᠭᠦᠯᠵᠦ᠂ | 1300 ᠭᠠᠷᠤᠢ ᠳᠠᠯᠠᠪᠤᠷ ᠢᠶᠠᠷ ᠲᠣᠭᠤᠷᠢᠨ ᠪᠠᠶᠢᠴᠠᠭᠠᠵᠤ᠂ 800 ᠭᠠᠷᠤᠢ ᠵᠥᠷᠢᠴᠡᠯ ᠵᠢᠭᠤᠷᠠᠯᠳᠤᠭᠠᠨ ᠢ | ᠰᠶᠢᠳᠪᠦᠷᠢᠯᠡᠵᠦ᠂ 85 ᠬᠡᠷᠡᠭ ᠢ ᠬᠠᠪᠰᠤᠷᠤᠨ ᠪᠠᠶᠢᠴᠠᠭᠠᠨ ᠢᠯᠡᠷᠡᠭᠦᠯᠪᠡ᠃ ᠡᠩᠨᠡᠭᠡ ᠨᠢ ᠴᠦ ᠬᠠᠮᠤᠭ ᠠᠩᠬᠠᠨ ᠤ | 75 ᠬᠥᠮᠦᠨ ᠠᠴᠠ ᠪᠠᠨ ᠬᠥᠭᠵᠢᠭᠡᠳ 1047 ᠬᠥᠮᠦᠨ ᠪᠣᠯᠤᠭᠰᠠᠨ ᠪᠠᠶᠢᠨ᠎ᠠ᠃ ᠲᠡᠳᠡᠨ ᠤ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠪᠠ ᠭᠠᠷᠮᠠᠭᠠᠢ ᠬᠤᠪᠢ ᠨᠡᠮᠡᠷᠢ ᠨᠢ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ | ᠮᠠᠭᠲᠠᠭᠠᠯ ᠰᠠᠶᠢᠰᠢᠶᠠᠯ ᠢ ᠣᠯᠵᠤ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ︽ᠠᠷᠪᠠᠨ ᠶᠡᠭᠡ | ᠬᠠᠤᠯᠢᠵᠢᠯ ᠤᠨ ᠬᠡᠷᠡᠭ︾᠂ ᠪᠦᠬᠦ ᠣᠷᠣᠨ ᠤ ︽ᠰᠢᠯᠢᠳᠡᠭ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ︾᠂ ᠪᠦᠬᠦ ᠣᠷᠣᠨ ᠤ ︽ᠬᠠᠮᠤᠭ ᠤᠨ ᠭᠤᠶᠤ ᠰᠠᠶᠢᠨ ᠳᠤᠷ᠎ᠠ ᠶᠢᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ︾ ᠵᠡᠷᠭᠡ ᠢᠷᠠᠭᠤ ᠠᠯᠳᠠᠷ ᠢ ᠬᠦᠷᠳᠡᠪᠡ᠃ | ᠤᠳᠤ ᠬᠢᠩᠭᠠᠨ ᠠᠶᠢᠮᠠᠭ ᠤᠨ ᠬᠢᠯᠢ ᠶᠢᠨ ᠬᠠᠮᠠᠭᠠᠯᠠᠬᠴᠢᠳ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ | ᠪᠠᠳᠠᠷᠠᠭᠤᠯᠤᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠵᠦ ᠪᠤᠢ᠃ | · ᠭᠡᠭᠡ ᠳ᠋ᠢᠶᠤᠤ ᠪᠥᠸᠧ ᠢᠤᠢ ᡁᠢ ᠮᠢᠨ · |