ᠰᠢ ᠶᠢᠨ ᠫᠢᠩ 2024 ᠣᠨ ᠤ ᠤᠯᠠᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠨᠡᠶᠢᠭᠡᠮᠯᠢᠭ ᠤᠨ ᠳᠡᠯᠡᠬᠡᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/10/22
     ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 19 ᠤ ᠴᠠᠭᠢᠯᠭᠠᠨ ᠮᠡᠳᠡᠭᠡ 10 ᠰᠠᠷ᠎ᠠ ᠶᠢᠨ 19 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠣᠯᠠᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠨᠡᠶᠢᠭᠡᠮᠯᠢᠭ ᠤᠨ ᠳᠡᠯᠡᠬᠡᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃    ᠰᠢ ᠶᠢᠨ ᠫᠢᠩ᠂ ᠳᠤᠮᠳᠠᠳᠤ ᠤᠯᠤᠰ ᠢᠮᠠᠭᠲᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠭᠵᠢᠯᠲᠡ ᠶᠢᠨ ᠵᠠᠮ ᠢ ᠨᠡᠭᠡᠭᠡᠵᠡᠢ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠦᠷᠭᠦᠯᠵᠢᠯᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠲᠠᠯᠠᠲᠤ ᠰᠢᠰᠲ᠋ᠧᠮ ᠢ ᠡᠷᠡᠰ ᠬᠠᠮᠠᠭᠠᠯᠠᠵᠤ᠂ ᠰᠢᠨ᠎ᠡ ᠶᠢ ᠡᠭᠦᠳᠬᠦ ᠬᠥᠭᠵᠢᠯᠲᠡ ᠳᠤ ᠠᠰᠢᠭᠲᠠᠢ ᠣᠯᠠᠨ ᠤᠯᠤᠰ ᠤᠨ ᠣᠷᠴᠢᠨ ᠨᠥᠬᠦᠴᠡᠯ ᠢ ᠪᠤᠶ ᠪᠤᠯᠭᠠᠬᠤ ᠳᠤ ᠳᠤᠮᠳᠠᠳᠤ ᠤᠯᠤᠰ ᠤᠨ ᠣᠶᠤᠨ ᠤᠬᠠᠭᠠᠨ ᠪᠠ ᠳᠤᠮᠳᠠᠳᠤ ᠤᠯᠤᠰ ᠤᠨ ᠲᠥᠰᠥᠯ ᠢ ᠨᠡᠮᠡᠷᠢᠯᠡᠵᠦ᠂ ᠪᠦᠭᠦ ᠪᠥᠮᠪᠥᠷᠴᠡᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠯᠲᠠ ᠶᠢᠨ ᠰᠢᠰᠲ᠋ᠧᠮ ᠤᠨ ᠨᠠᠩ ᠲᠥᠪ ᠭᠤᠤᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠠᠵᠠ ᠵᠢᠷᠭᠠᠯ ᠢ ᠨᠡᠮᠡᠭᠳᠡᠭᠦᠯᠬᠦ ᠳᠤ ᠳᠤᠮᠳᠠᠳᠤ ᠤᠯᠤᠰ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃    2024 ᠣᠨ ᠤ ᠣᠯᠠᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠨᠡᠶᠢᠭᠡᠮᠯᠢᠭ ᠤᠨ ᠳᠡᠯᠡᠬᠡᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠭᠡ ᠬᠤᠷᠠᠯ ᠲᠤᠬᠠᠢ ᠶᠢᠨ ᠡᠳᠦᠷ ᠵᠧᠵᠢᠶᠠᠩ ᠮᠤᠵᠢ ᠶᠢᠨ ᠬᠠᠩᠵᠧᠦ ᠬᠤᠲᠠ ᠳᠤ ᠡᠬᠢᠯᠡᠪᠡ᠂ ︽ᠮᠡᠳᠡᠯᠭᠡ ᠶᠢᠨ ᠥᠮᠴᠢᠯᠡᠯ ᠤᠨ ᠡᠷᠬᠡ ᠶᠢ ᠲᠡᠩᠴᠡᠭᠦᠷᠢᠲᠡᠢ ᠬᠠᠮᠠᠭᠠᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ︾ ᠪᠠᠷ ᠭᠤᠣᠯ ᠰᠡᠳᠦᠪ ᠪᠤᠯᠭᠠᠵᠤ᠂ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠣᠯᠠᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠨᠡᠶᠢᠭᠡᠮᠯᠢᠭ ᠠᠴᠠ ᠬᠠᠮᠲᠤ ᠪᠠᠷ ᠭᠤᠣᠯᠯᠠᠨ ᠡᠷᠭᠢᠯᠡᠪᠡ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号