| ᠤᠶᠤᠲᠠᠳ ᠤᠨ ᠠᠵᠢᠯ ᠤᠯᠬᠤ ᠤᠯᠠᠷᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠬᠦᠷᠴᠦ ᠢᠷᠡᠬᠦ ᠪᠠᠷ᠂ ᠣᠨᠳᠣᠤ ᠭᠠᠵᠠᠷ ᠲᠤ | ᠠᠵᠢᠯ ᠣᠯᠤᠭᠰᠠᠨ ᠪᠤᠶᠤ ᠣᠷᠳᠣ ᠬᠤᠭᠤᠴᠠᠭ᠎ᠠ ᠪᠠᠷ ᠪᠤᠰᠤᠳ ᠭᠠᠵᠠᠷ ᠲᠤ ᠰᠠᠭᠤᠷᠢᠰᠢᠭᠰᠠᠨ ᠵᠡᠷᠭᠡ ᠪᠠᠶᠢᠳᠠᠯ ᠠᠴᠠ ᠪᠣᠯᠵᠤ | ᠳᠠᠭᠠᠳᠬᠠᠯ ᠳᠤ ᠣᠷᠣᠯᠴᠠᠬᠤ ᠭᠠᠵᠠᠷ ᠢᠶᠠᠨ ᠬᠤᠪᠢᠷᠠᠭᠤᠯᠬᠤ ᠳᠤ᠂ ᠤᠤᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠦᠷ ᠵᠣᠭᠰᠣᠭᠠᠬᠤ ᠴᠢᠬᠤᠯᠠᠲᠠᠶ ᠪᠠᠶᠢᠳᠠᠭ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ | ᠲᠠᠨᠢᠯᠴᠠᠭᠤᠯᠤᠭᠰᠠᠨ ᠢᠶᠠᠷ᠂ ᠡᠲᠡᠭᠡᠷ ᠰᠠᠭᠤᠭᠠᠯᠢ ᠠᠷᠠᠳ ᠤᠨ ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠬᠤ ᠳᠤ | ᠳᠥᠭᠦᠮᠯᠡᠬᠦ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠭᠠᠷ ᠤᠲᠠᠰᠤᠨ ᠤ ᠦᠵᠦᠭᠦᠷ ᠢᠶᠠᠷ | ︽ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠶᠢ ᠭᠦᠢᠴᠡᠳᠭᠡᠵᠦ ᠪᠣᠯᠤᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ ᠴᠤᠪᠤᠷᠠᠯ | ᠭᠦᠢᠴᠡᠳᠬᠡᠭᠴᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ App — ᠥᠪᠥᠷ ᠮᠣᠩᠭᠤᠯ ᠲᠤᠰᠬᠠᠶ ᠲᠣᠭᠤᠷᠢᠭ᠂ | ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ ᠳᠠᠬᠢ ︽ᠥᠪᠥᠷ ᠮᠣᠩᠭᠤᠯ ᠤᠨ | ᠡᠮᠴᠢᠯᠡᠭᠡᠨ ᠤ ᠪᠠᠲᠤᠯᠠᠭ᠎ᠠ︾ ᠵᠢᠵᠢᠭ ᠫᠷᠤᠭ᠍ᠷᠠᠮ ᠵᠡᠷᠭᠡ ᠠᠷᠭ᠎ᠠ ᠵᠠᠮ ᠢᠶᠠᠷ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ | ᠠᠯᠬᠤᠮ ᠨᠢᠭᠡ | ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ | ᠴᠢᠳᠠᠮᠵᠢ ᠶᠢᠨ ᠬᠡᠰᠡᠭ ᠠᠴᠠ ᠡᠬᠢᠯᠡᠵᠦ ᠠᠵᠢᠯᠯᠠᠨ᠎ᠠ᠃ | | | | | | | ᠠᠯᠬᠤᠮ ᠬᠤᠶᠠᠷ | ᠬᠤᠪᠢ ᠬᠦᠮᠦᠨ ᠤ ᠠᠮᠠᠯᠠᠯᠲᠠ ᠶᠢ ᠤᠩᠰᠢᠭᠠᠳ ᠭᠠᠷ ᠤᠨ ᠦᠰᠦᠭ ᠵᠢᠷᠤᠨ᠎ᠠ᠃ | | ᠠᠯᠬᠤᠮ ᠭᠤᠷᠪᠠ | ︽ᠲᠦᠷ ᠵᠣᠭᠰᠣᠭᠠᠬᠤ ᠰᠢᠯᠲᠠᠭᠠᠨ︾ ᠢᠶᠠᠨ ᠰᠣᠩᠭᠤᠭᠠᠳ ᠲᠤᠰᠢᠶᠠᠨ᠎ᠠ᠃ | | ᠠᠯᠬᠤᠮ ᠳᠥᠷᠪᠡ | ᠠᠮᠵᠢᠯᠲᠠ ᠲᠠᠢ ᠲᠤᠰᠢᠶᠠᠪᠠᠯ ᠳᠠᠷᠤᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠢᠶᠠᠷ ᠪᠣᠳᠣᠵᠤ᠂ ᠬᠢᠨᠠᠨ | ᠬᠠᠷᠭᠤᠭᠤᠯᠬᠤ ᠴᠢᠬᠤᠯᠠ ᠦᠭᠡᠢ᠃ | | ᠭᠠᠷ ᠤᠲᠠᠰᠤᠨ ᠳᠡᠭᠡᠷ᠎ᠡ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠭᠰᠠᠨ ᠤ ᠳᠠᠷᠠᠭ᠎ᠠ᠂ ᠰᠢᠯᠵᠢᠭᠦᠯᠬᠦ ᠭᠡᠵᠦ | ᠪᠠᠶᠢᠭ᠎ᠠ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠷᠢᠯᠴᠠᠵᠤ ᠪᠠᠶᠢᠭᠠᠳ ᠳᠠᠭᠠᠳᠬᠠᠯ ᠳᠤ | ᠣᠷᠣᠯᠴᠠᠬᠤ ᠬᠠᠷᠢᠴᠠᠭᠠᠨ ᠤ ᠰᠢᠨ᠎ᠡ ᠳᠡᠩᠰᠡᠯᠡᠯᠲᠡ ᠪᠠᠨ ᠭᠦᠢᠴᠡᠳᠬᠡᠨ᠎ᠡ᠃ | |