ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠨᠡᠮᠡᠭᠳᠡᠯ ᠤᠨ ᠬᠡᠮᠵᠢᠶ᠎ᠡ ᠢᠯᠡᠳᠳᠡ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/10/28
    2024 ᠣᠨ ᠤ 6 ᠰᠠᠷ᠎ᠠ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ︵ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ︶ ᠨᠡᠶᠢᠲᠡ 46 ᠪᠣᠶ᠂ ᠡᠭᠦᠨ ᠳᠤ᠄ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ 11᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ 31 ︵ᠡᠭᠦᠨ ᠳᠤ ᠮᠠᠰᠢᠨ ᠲᠡᠷᠭᠡᠨ ᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ 26︶᠂ ᠬᠤᠨᠤᠭ ᠪᠠᠭᠤᠳᠠᠯ ᠢᠳᠡᠭᠡᠨ ᠤᠮᠳᠠᠭᠠᠨ ᠤ ᠠᠵᠤ ᠠᠬᠤᠶᠢᠯᠠᠯ 4 ᠪᠣᠶ᠃ 2023 ᠣᠨ ᠤ ᠬᠢ ᠲᠠᠢ ᠬᠠᠷᠢᠴᠠᠭᠤᠯᠪᠠᠯ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠨᠡᠶᠢᠲᠡ 8 ᠨᠡᠮᠡᠭᠳᠡᠵᠡᠶ᠂ ᠡᠭᠦᠨ ᠳᠤ᠄ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ 2 ᠨᠡᠮᠡᠭᠳᠡᠵᠦ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ 5 ᠨᠡᠮᠡᠭᠳᠡᠵᠦ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠠᠵᠤ ᠠᠬᠤᠶᠢᠯᠠᠯ 1 ᠨᠡᠮᠡᠭᠳᠡᠵᠦ᠂ ᠠᠵᠤ ᠠᠬᠤᠶᠢᠯᠠᠯᠲᠠᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠡ ᠢᠯᠡᠳᠲᠡ ᠳᠡᠭᠡᠭᠰᠢᠯᠡᠵᠦ᠂ ᠠᠵᠤ ᠠᠬᠤᠶ ᠶᠢᠨ ᠪᠦᠲᠦᠴᠡ ᠢᠯᠡᠳᠲᠡ ᠰᠠᠶᠢᠵᠢᠷᠠᠨ᠂ ᠮᠠᠨ ᠤ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠪᠦᠲᠦᠮᠵᠢᠲᠡᠶ ᠠᠬᠢᠭᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号