| 1 — 5 ᠰᠠᠷ᠎ᠠ ᠳᠤ ᠪᠦᠭᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ | ᠪᠠᠶᠢᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ | 1 — 5 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 | — 4 ᠰᠠᠷ᠎ᠠ ᠶᠢᠨ ᠬᠢ ᠠᠴᠠ 2.3 ᠵᠠᠭᠤᠨ ᠤ ᠨᠢᠭᠡᠴᠢ ᠪᠠᠷ ᠪᠠᠭᠤᠷᠠᠪᠠ᠃ ᠲᠤᠯᠭᠠᠭᠤᠷᠢ ᠠᠵᠤ ᠠᠬᠤᠶᠢᠯᠠᠯ ᠤᠨ | ᠲᠤᠯᠭᠠᠭᠤᠷᠢᠯᠠᠯ ᠬᠦᠴᠦᠲᠡᠶ ᠪᠠᠶᠢᠵᠤ᠂ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠤᠨ ᠲᠠᠯ᠎ᠠ ᠠᠴᠠ | ᠦᠵᠡᠪᠡᠯ᠂ ᠴᠠᠭᠠᠨ ᠢᠳᠡᠭᠡᠨ ᠤ ᠦᠢᠯᠡᠳᠬᠦ ᠦᠢᠯᠡᠰ᠂ ᠬᠢᠮᠢ ᠶᠢᠨ ᠪᠣᠷᠲᠣᠭᠤᠷ ᠦᠢᠯᠡᠳᠬᠦ ᠦᠢᠯᠡᠰ ᠤᠨ | ᠦᠢᠯᠡᠳᠬᠦᠨ ᠤ ᠶᠡᠷᠦᠩᠬᠡᠶ ᠥᠷᠲᠡᠭ ᠲᠣᠰ ᠲᠣᠰ 96.83%᠂ 3.55% ︵ᠣᠲᠣ ᠶᠢᠨ ᠦᠨ᠎ᠡ︶ ᠪᠠᠷ | ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ | 1 — 5 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 0.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 4 | ᠰᠠᠷ᠎ᠠ ᠶᠢᠨ ᠬᠢ ᠠᠴᠠ 37.57 ᠵᠠᠭᠤᠨ ᠤ ᠨᠢᠭᠡᠴᠢ ᠪᠠᠭᠤᠷᠠᠪᠠ᠃ | ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠤᠷᠳᠤᠴᠠ ᠳᠣᠤᠷ᠎ᠠ ᠪᠠᠶᠢᠭᠰᠠᠭᠠᠷ | 1 — 5 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 84753.6 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.9% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠶᠢ ᠬᠢᠵᠠᠭᠠᠷᠯᠠᠨ ᠬᠤᠪᠢᠶᠠᠷᠢᠯᠠᠪᠠᠯ᠂ | ᠬᠤᠨᠤᠭ ᠪᠠᠭᠤᠳᠠᠯ ᠢᠳᠡᠭᠡᠨ ᠤᠮᠳᠠᠭᠠᠨ ᠤ ᠣᠷᠣᠯᠭ᠎ᠠ 35.4% ᠪᠠᠷ ᠪᠠᠭᠤᠷᠠᠪᠠ᠃ ᠲᠠᠸᠠᠷ ᠤᠨ ᠵᠢᠵᠢᠭᠯᠡᠨ | ᠬᠤᠳᠠᠯᠳᠤᠬᠤ ᠬᠡᠮᠵᠢᠶ᠎ᠡ 4.1% ᠪᠠᠷ ᠪᠠᠭᠤᠷᠠᠪᠠ᠃ |