2024 ᠣᠨ ᠤ ᠬᠤᠶᠠᠳᠤᠭᠠᠷ ᠤᠯᠠᠷᠢᠯ ᠳᠤ ᠢᠳᠡᠰᠢᠨ ᠨᠣᠭᠤᠭ᠎ᠠ ᠶᠢᠨ ᠭᠠᠷᠤᠯᠲᠠ ᠨᠡᠮᠡᠭᠳᠡᠬᠦ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2024/10/28
    2024 ᠣᠨ ᠤ ᠬᠤᠶᠠᠳᠤᠭᠠᠷ ᠤᠯᠠᠷᠢᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠢᠳᠡᠰᠢᠨ ᠨᠣᠭᠤᠭ᠎ᠠ ᠵᠢᠴᠢ ᠢᠳᠡᠭᠡᠨ ᠤ ᠮᠥᠭᠦ ᠳᠠᠷᠢᠬᠤ ᠲᠠᠯᠠᠪᠠᠶ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠵᠦ᠂ ᠢᠳᠡᠰᠢᠨ ᠨᠣᠭᠤᠭ᠎ᠠ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 48.7% ᠪᠠᠷ ᠨᠡᠮᠡᠭᠳᠡᠵᠡᠶ᠃ ᠡᠭᠦᠨ ᠤ ᠭᠤᠤᠯ ᠰᠢᠯᠲᠠᠭᠠᠨ ᠨᠢ ᠲᠣᠰ ᠤᠯᠠᠷᠢᠯ ᠳᠤ ᠬᠤᠷᠴᠢᠨ ᠪᠠᠯᠭᠠᠰᠤ ᠴᠠᠭᠠᠨ ᠨᠣᠭᠤᠭ᠎ᠠ᠂ ᠥᠷᠭᠡᠰᠦᠲᠦ ᠬᠡᠮᠬᠡ ᠂ ᠲᠥᠪᠡᠳ ᠬᠠᠰᠢ ᠵᠡᠷᠭᠡ ᠲᠠᠷᠢᠮᠠᠯ ᠤᠨ ᠲᠠᠯᠠᠪᠠᠶ ᠶᠢ ᠨᠡᠮᠡᠭᠳᠡᠭᠦᠯᠵᠦ᠂ ᠤᠨᠠᠯᠲᠠ ᠶᠢ ᠨᠢ ᠨᠡᠮᠡᠭᠳᠡᠭᠦᠯᠦᠭᠰᠡᠨ ᠠᠴᠠ ᠪᠣᠯᠵᠠᠶ᠃ ᠪᠥᠬᠦ ᠬᠤᠰᠢᠭᠤᠨ ᠤ ᠭᠤᠸᠠ ᠵᠢᠮᠢᠰ ᠳᠠᠷᠢᠬᠤ ᠲᠠᠯᠠᠪᠠᠶ ᠠᠳᠠᠯᠢ ᠬᠤᠭᠤᠴᠠᠭᠠᠨ ᠤ ᠬᠢ ᠠᠴᠠ 43% ᠪᠠᠷ ᠨᠡᠮᠡᠭᠳᠡᠵᠡᠶ᠃ ᠡᠭᠦᠨ ᠤ ᠭᠤᠤᠯ ᠰᠢᠯᠲᠠᠭᠠᠨ ᠨᠢ ᠭᠡᠪᠡᠯ᠂ ᠵᠢᠷᠦᠬᠡᠨ ᠪᠠᠯᠭᠠᠰᠤᠨ ᠤ ᠳᠡᠭᠡᠷ᠎ᠡ ᠵᠢᠯ ᠤᠨ ᠯᠠᠵᠤᠤ ᠶᠢᠨ ᠠᠰᠢᠭ ᠣᠷᠣᠯᠭ᠎ᠠ ᠨᠢ ᠨᠡᠯᠢᠶᠡᠳ ᠳᠣᠤᠷ᠎ᠠ ᠪᠠᠶᠢᠭᠰᠠᠨ ᠪᠣᠯᠬᠤᠷ ᠲᠣᠰ ᠵᠢᠯ ᠳᠤ ᠭᠤᠸᠠ ᠵᠢᠮᠢᠰ ᠳᠠᠷᠢᠬᠤ ᠲᠠᠯᠠᠪᠠᠶ ᠶᠢ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号