| ᠠᠯᠲᠠᠨ ᠰᠢᠷᠭᠠᠯ ᠨᠠᠮᠤᠷ ᠤᠨ ᠠᠷᠪᠠᠨ ᠰᠠᠷ᠎ᠠ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠢᠶᠠᠷ ᠬᠦᠷᠬᠦ ᠳᠤ ᠲᠠᠷᠢᠶᠠᠴᠢᠳ ᠲᠠᠷᠢᠶᠠᠨ ᠭᠠᠵᠠᠷ᠂ ᠢᠳᠡᠰᠢᠨ | ᠨᠣᠭᠤᠭᠠᠨ ᠤ ᠬᠦᠯᠡᠮᠵᠢ ᠳᠤ ᠡᠯᠪᠡᠭ ᠬᠤᠷᠢᠶᠠᠯᠳᠠ ᠶᠢᠨ ᠪᠠᠶᠠᠷ ᠪᠠᠭ᠋ᠠᠳᠤᠯ ᠢᠶᠠᠨ ᠬᠤᠪᠢᠶᠠᠯᠴᠠᠨ ᠨᠢᠭᠡ ᠵᠢᠯ ᠤᠨ | ᠬᠥᠳᠡᠯᠮᠦᠷᠢ ᠶᠢᠨ ᠦᠷ᠎ᠡ ᠪᠦᠲᠦᠭᠡᠯ ᠢᠶᠠᠨ ᠭᠠᠶᠢᠬᠠᠭᠤᠯᠤᠨ᠎ᠠ᠃ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠨᠢ | ᠲᠠᠷᠢᠶᠠᠯᠠᠩ ᠤᠨ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ | ᠬᠠᠷᠠᠭᠤᠯᠵᠤ ᠪᠠᠶᠢᠨ᠎ᠠ᠃ | ᠤᠢᠢᠷ᠎ᠠ ᠶᠢᠨ ᠬᠡᠳᠦᠨ ᠡᠳᠦᠷ᠂ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠠᠷᠠᠳ ᠯᠢᠦ ᠬᠠᠢ ᠡᡁᠧ | ᠲᠤᠩᠭᠠᠯᠠᠭ ᠰᠠᠶᠢᠬᠠᠨ ᠡᠳᠦᠷ ᠢ ᠠᠮᠵᠢᠵᠤ᠂ ᠡᠷᠳᠡᠨᠢ ᠰᠢᠰᠢ ᠪᠠᠨ ᠲᠡᠭᠦᠵᠦ ᠬᠤᠷᠢᠶᠠᠬᠤ ᠠᠵᠢᠯ ᠳᠤ ᠶᠠᠭᠠᠷᠠᠯᠲᠠᠢ | ᠣᠷᠣᠯᠴᠠᠵᠤ᠂ ᠠᠮᠤ ᠪᠤᠳᠠᠭ᠎ᠠ ᠪᠠᠨ ᠬᠥᠮᠥᠷᠭᠡ ᠳᠤ ᠣᠷᠣᠭᠤᠯᠬᠤ ᠶᠢ ᠪᠠᠲᠤᠯᠠᠵᠠᠢ᠃ ᠡᠨᠡ ᠵᠢᠯ᠂ ᠯᠢᠦ ᠬᠠᠶ ᠾᠧ | ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢᠶᠠᠷ 30 ᠮᠥ ᠡᠷᠳᠡᠨᠢ ᠰᠢᠰᠢ ᠳᠠᠷᠢᠵᠠᠢ᠃ ᠵᠢᠱᠢᠯᠲᠡ ᠪᠠᠷ | ᠮᠥ ᠪᠦᠷᠢ ᠶᠢᠨ ᠤᠨᠠᠯᠲᠠ 2000 ᠵᠢᠩ ᠳᠤ ᠬᠦᠷᠴᠦ᠂ ᠥᠩᠭᠡᠷᠡᠭᠰᠡᠨ ᠤ ᠤᠯᠠᠮᠵᠢᠯᠠᠯᠲᠤ ᠮᠡᠷᠭᠡᠵᠢᠯ ᠢᠶᠠᠷ ᠡᠷᠳᠡᠨᠢ | ᠰᠢᠰᠢ ᠳᠠᠷᠢᠬᠤ ᠲᠠᠢ ᠬᠠᠷᠢᠴᠠᠭᠤᠯᠪᠠᠯ᠂ ᠮᠥ ᠪᠦᠷᠢ ᠶᠢᠨ ᠤᠨᠠᠯᠲᠠ 500 ᠭᠠᠷᠤᠶ ᠵᠢᠩ ᠨᠡᠮᠡᠭᠳᠡᠭᠰᠡᠨ ᠪᠠᠶᠢᠨ᠎ᠠ᠃ | ᠯᠢᠦ ᠬᠠᠶ ᠾᠧ᠂ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠪᠠᠷ ᠲᠣᠭᠠᠴᠠᠭ᠎ᠠ ᠬᠢᠪᠡᠯ ᠮᠥ ᠪᠦᠷᠢ ᠶᠢᠨ | ᠣᠷᠣᠯᠭ᠎ᠠ ᠨᠢ ᠳᠤᠮᠳᠠᠴᠢ ᠪᠠᠷ ᠪᠠᠷᠤᠭ 400 ᠲᠥᠭᠦᠷᠢᠭ ᠨᠡᠮᠡᠭᠳᠡᠵᠦ᠂ 30 ᠮᠥ ᠭᠠᠵᠠᠷ ᠤᠨ ᠴᠡᠪᠡᠷ ᠣᠷᠣᠯᠭ᠎ᠠ ᠨᠢ | 1.2 ᠲᠦᠮᠡᠨ ᠲᠥᠭᠦᠷᠢᠭ ᠪᠠᠶᠢᠵᠤ᠂ ᠪᠠᠰᠠ ᠨᠢᠭᠡ ᠡᠯᠪᠡᠭ ᠬᠤᠷᠢᠶᠠᠯᠲᠠ ᠣᠯᠤᠭᠰᠠᠨ ᠵᠢᠯ ᠪᠣᠯᠤᠨ᠎ᠠ ᠬᠡᠵᠦ | ᠪᠠᠶᠠᠷᠳᠠᠶᠢᠬᠠᠨ ᠬᠡᠯᠡᠨ᠎ᠡ᠃ | ᠤᠯᠠᠮᠵᠢᠯᠠᠯᠲᠤ ᠲᠠᠷᠢᠶ᠎ᠠ ᠲᠠᠢ ᠬᠠᠷᠢᠴᠠᠭᠤᠯᠪᠠᠯ᠂ ᠬᠤᠩ ᠰᠢᠨ ᠲᠣᠰᠬᠤᠨ ᠤ ᠲᠥᠬᠦᠭᠡᠷᠦᠮᠵᠢᠳᠦ ᠲᠠᠷᠢᠶᠠᠯᠠᠩ ᠴᠤ | ᠥᠴᠦᠬᠡᠨ ᠴᠦ ᠳᠣᠤᠷᠠᠳᠠᠬᠤ ᠥᠬᠡᠶ ᠶᠤᠮ᠃ ᠲᠠᠷᠢᠮᠠᠯ ᠤᠨ ᠡᠷᠦᠬᠡ ᠵᠠᠩ ᠶᠠᠨ ᠠᠷᠪᠠᠳᠤᠭᠠᠷ ᠰᠠᠷ᠎ᠠ ᠶᠢᠨ ᠡᠬᠢᠨ ᠠᠴᠠ | ᠡᠬᠢᠯᠡᠨ ᠰᠠᠷᠠᠪᠴᠢᠨ ᠳᠠᠬᠢ ᠴᠠᠭᠠᠨ ᠨᠣᠭᠤᠭ᠎ᠠ ᠪᠠᠨ ᠬᠤᠷᠢᠶᠠᠬᠤ ᠪᠠᠷ ᠶᠠᠭᠠᠷᠠᠵᠤ᠂ ᠡᠳᠦᠷ ᠲᠤ ᠬᠡᠳᠦᠨ ᠠᠵᠢᠯᠴᠢᠨ | ᠬᠥᠯᠥᠰᠥᠯᠡᠵᠦ᠂ ᠵᠥᠪᠬᠡᠨ ᠡᠨᠡ ᠬᠡᠰᠡᠭ ᠢ ᠬᠤᠷᠢᠶᠠᠬᠤ ᠳᠤ ᠰᠠᠷ᠎ᠠ ᠬᠠᠭᠠᠰ ᠬᠢᠷᠢᠲᠡᠶ ᠶᠠᠭᠠᠷᠠᠯᠳᠤᠳᠠᠭ᠃ ᠬᠡᠳᠦ᠋ᠢᠪᠡᠷ | ᠡᠷᠲᠡᠯᠡᠵᠦ ᠣᠷᠦ᠋ᠢᠯᠠᠬᠤ ᠪᠣᠯᠪᠠᠴᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠨᠢ ᠲᠡᠭᠦᠨ ᠤ ᠡᠷᠴᠢ ᠵᠣᠷᠢᠭ ᠢ | ᠬᠥᠪᠴᠢᠯᠡᠪᠡ᠃ | ᠵᠠᠩ ᠶᠠᠨ᠄ ︽ᠡᠨᠡ ᠵᠢᠯ ᠤᠨ ᠴᠠᠭᠠᠨ ᠨᠣᠭᠤᠭ᠎ᠠ ᠶᠢᠨ ᠤᠷᠭᠤᠴᠠ ᠮᠠᠰᠢ ᠰᠠᠶᠢᠨ᠂ ᠦᠨ᠎ᠡ ᠬᠠᠩᠰᠢ ᠨᠢ | ᠴᠦ ᠨᠡᠯᠢᠶᠡᠳ ᠵᠦᠭᠡᠷ᠂ ᠪᠥᠭᠡᠮ ᠢᠶᠠᠷ ᠬᠤᠳᠠᠯᠳᠤᠬᠤ ᠦᠨ᠎ᠡ ᠨᠢ ᠵᠢᠩ ᠳᠡᠭᠡᠨ 7 —8 ᠵᠢᠶᠤᠤ᠂ ᠮᠠᠨ ᠤ ᠬᠢᠨ | 12 ᠲᠣᠮᠣ ᠰᠠᠷᠠᠪᠴᠢ᠂ ᠰᠠᠷᠠᠪᠴᠢ ᠪᠦᠷᠢ ᠠᠴᠠ 2 ᠲᠦᠮᠡᠨ ᠵᠢᠩ ᠴᠠᠭᠠᠨ ᠨᠣᠭᠤᠭ᠎ᠠ ᠬᠤᠷᠢᠶᠠᠨ᠎ᠠ᠂ ᠵᠢᠱᠢᠯᠲᠡ ᠪᠠᠷ | 11 ᠰᠠᠷ᠎ᠠ ᠶᠢᠨ ᠳᠤᠮᠳᠠᠴᠢ ᠪᠠᠷ ᠬᠤᠷᠢᠶᠠᠵᠤ ᠲᠠᠭᠤᠰᠬᠠᠪᠠᠯ᠂ ᠣᠷᠣᠯᠭ᠎ᠠ ᠨᠢ 20 ᠭᠠᠷᠤᠶ ᠲᠦᠮᠡᠨ ᠲᠥᠭᠦᠷᠢᠭ ᠲᠤ | ᠬᠦᠷᠬᠦ ᠪᠣᠯᠤᠨ᠎ᠠ︾ ᠭᠡᠵᠡᠶ᠃ | ᠭᠠᠵᠠᠷ ᠪᠣᠯᠭᠠᠨ ᠳᠤ ︽ᠡᠯᠪᠡᠭ ᠬᠤᠷᠢᠶᠠᠯᠲᠠ︾ ᠶᠢᠨ ᠦᠵᠡᠮᠵᠢ ᠲᠠᠢ᠂ ᠡᠷᠦᠬᠡ ᠪᠣᠯᠭᠠᠨ ᠨᠠᠮᠤᠷ ᠤᠨ | ᠬᠤᠷᠢᠶᠠᠯᠲᠠ ᠳᠠᠭᠠᠨ ᠶᠠᠭᠠᠷᠠᠯᠲᠠᠢ᠃ ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠵᠢᠷᠦᠬᠡᠨ ᠪᠠᠯᠭᠠᠰᠤ ︽ᠠᠮᠤ ᠪᠤᠳᠠᠭ᠎ᠠ ᠶᠢ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ︾ ᠪᠠᠶᠢᠯᠳᠤᠬᠤ | ᠪᠣᠳᠣᠯᠭ᠎ᠠ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠯᠲᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠶᠢ ᠬᠡᠪᠴᠢᠶᠡᠵᠢᠭᠦᠯᠦᠨ ᠦᠢᠯᠡᠳᠪᠤᠷᠢᠯᠡᠵᠦ ᠡᠵᠡᠩᠨᠡᠬᠦ᠂ | ᠪᠠᠷᠢᠮᠵᠢᠶᠠᠵᠢᠭᠤᠯᠤᠨ ᠦᠢᠯᠡᠳᠪᠤᠷᠢᠯᠡᠬᠦ᠂ ᠮᠠᠰᠢᠨᠴᠢᠯᠠᠨ ᠠᠵᠢᠯᠯᠠᠭᠤᠯᠬᠤ ᠶᠢ ᠠᠬᠢᠭᠤᠯᠵᠤ᠂ ᠠᠮᠤ ᠪᠤᠳᠠᠭᠠᠨ ᠤ | ᠦᠢᠯᠡᠳᠪᠤᠷᠢᠯᠡᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠪᠠ᠃ ᠡᠨᠡ ᠵᠢᠯ᠂ ᠪᠦᠬᠦ | ᠪᠠᠯᠭᠠᠰᠤᠨ ᠤ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ 12 ᠲᠦᠮᠡᠨ ᠮᠦ ᠳᠤ ᠬᠦᠷᠴᠦ᠂ ᠠᠮᠤ ᠪᠤᠳᠠᠭᠠᠨ ᠤ | ᠤᠨᠠᠯᠲᠠ 1.4 ᠳ᠋ᠦᠩᠰᠢᠭᠤᠷ ᠵᠢᠩ ᠳᠤ ᠬᠦᠷᠴᠡᠢ᠃ ᠡᠭᠦᠨ ᠤ ᠬᠠᠮᠳᠤ᠂ ᠵᠢᠷᠦᠬᠡᠨ ᠪᠠᠯᠭᠠᠰᠤ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠬᠦᠭᠡᠷᠦᠮᠵᠢᠳᠦ ᠲᠠᠷᠢᠶᠠᠯᠠᠩ ᠢ ᠬᠥᠭᠵᠢᠭᠦᠯᠵᠦ᠂ ᠲᠥᠬᠦᠭᠡᠷᠦᠮᠵᠢᠳᠦ | ᠲᠠᠷᠢᠶᠠᠯᠠᠩ ᠤᠨ ᠦᠢᠯᠡᠳᠪᠤᠷᠢᠯᠡᠯ ᠤᠨ ᠲᠠᠯᠠᠪᠠᠶ ᠶᠢ ᠨᠡᠮᠡᠭᠳᠡᠭᠦᠯᠦᠨ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ | ᠬᠢᠵᠦ᠂ ᠲᠤᠬᠠᠶ ᠶᠢᠨ ᠭᠠᠵᠠᠷ ᠤᠨ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ | ᠲᠠᠷᠢᠶᠠᠴᠢᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠶᠡᠭᠡ ᠪᠠᠷ ᠳᠡᠭᠡᠭᠰᠢᠯᠡᠭᠦᠯᠪᠡ᠃ ᠢᠯᠠᠩᠭᠤᠶ᠎ᠠ ᠵᠢᠷᠦᠬᠡᠨ | ᠪᠠᠯᠭᠠᠰᠤ ᠶᠢᠨ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ | ᠬᠤᠳᠠ ᠶᠢᠨ ᠲᠣᠭᠤᠷᠢᠭ ᠤᠨ ᠤᠢᠢᠷ᠎ᠠ ᠳᠡᠬᠦᠷᠬᠡ ᠶᠢᠨ ᠳᠠᠪᠠᠭᠤᠯᠢᠭ ᠢ ᠠᠰᠢᠭᠯᠠᠵᠤ᠂ ᠤᠯᠠᠨ ᠲᠦᠮᠡᠨ ᠢ ᠬᠦᠳᠦᠯᠦᠨ | ᠳᠠᠭᠠᠭᠤᠯᠵᠤ ᠢᠳᠡᠰᠢᠨ ᠨᠣᠭᠤᠭ᠎ᠠ ᠲᠠᠷᠢᠬᠤ ᠠᠵᠤ ᠦᠢᠯᠡᠰ ᠢ ᠶᠡᠬᠡᠪᠡᠷ ᠬᠥᠭᠵᠢᠭᠦᠯᠪᠡ᠂ ᠣᠳᠣᠬᠠᠨ ᠳᠤ᠂ ᠢᠳᠡᠰᠢᠨ | ᠨᠣᠭᠤᠭ᠎ᠠ ᠲᠠᠷᠢᠬᠤ ᠬᠦᠯᠡᠮᠵᠢ 60 ᠭᠠᠷᠤᠢ ᠪᠠᠶᠢᠵᠤ᠂ ᠤᠯᠠᠨ ᠲᠦᠮᠡᠨ ᠢ ᠳᠠᠶᠢᠴᠢᠯᠠᠨ 120 ᠲᠦᠮᠡᠨ | ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠡᠢ᠃ |