ᠰᠤᠶᠤᠯ ᠲᠠᠢ ᠮᠠᠯᠴᠢᠨ ᠭᠠᠯᠰᠠᠩ 
ᠨᠡᠶᠢᠲᠡᠯᠡᠭᠰᠡᠨ ᠴᠠᠭ᠄
2024/10/30
af2a9754d7e43fc532ef9900526dc5b.png
19c8beafba750fa7c7013a5722be0f4.png
      ᠭᠠᠯᠰᠠᠩ ᠪᠤᠯ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠤᠯᠠᠭᠠᠨᠮᠤᠲᠦ ᠰᠤᠮᠤ ᠶᠢᠨ ᠪᠠᠶᠠᠨᠵᠢᠷᠦᠭᠡ ᠭᠠᠴᠠᠭ᠎ᠠ ᠶᠢᠨ ᠮᠠᠯᠴᠢᠨ ᠪᠤᠯᠤᠨ᠎ᠠ᠃ ᠭᠠᠯᠰᠠᠩ ᠭᠤᠸᠠᠢ 1989 ᠣᠨ ᠳᠤ ᠥᠨᠳᠦᠷ ᠲᠤᠮᠳᠠᠳᠤ ᠪᠠᠨ ᠲᠡᠭᠦᠰᠭᠡᠵᠦ ᠨᠤᠲᠤᠭ ᠲᠠᠭᠠᠨ ᠬᠠᠷᠢᠵᠦ ᠮᠠᠯ ᠮᠠᠯᠵᠢᠬᠤ ᠳᠠᠭᠠᠨ ᠪᠢᠴᠢᠭ ᠰᠣᠶᠤᠯ ᠢᠶᠠᠨ ᠲᠠᠶᠠᠬᠳᠠᠭ᠎ᠠ ᠦᠭᠡᠢ᠃ ᠲᠡᠷᠡ ᠠᠳᠠᠯ ᠠᠮᠢᠳᠤᠷᠠᠯ ᠤᠨ ᠰᠡᠯᠡᠭᠦᠦ ᠵᠠᠢ ᠪᠠᠷ ᠢᠶᠠᠨ ᠤᠯᠠᠨ ᠨᠤᠮ ᠪᠢᠴᠢᠭ ᠴᠤᠬᠯᠠᠭᠤᠯᠤᠨ᠂ ᠤᠷᠠᠨ ᠵᠤᠬᠢᠶᠠᠯ ᠲᠤᠭᠤᠷᠪᠢᠨ᠂ ᠤᠷᠢᠳ ᠬᠤᠵᠢᠳ ᠤᠷᠤᠨ ᠪᠠ ᠠᠶᠢᠮᠠᠬ ᠤᠨ ᠰᠣᠨᠢᠨ ᠰᠡᠳᠭᠦᠯ ᠳᠤ ︽ᠡᠬᠡ ᠤᠷᠤᠨ︾᠂ ︽ᠲᠦᠷᠦᠭᠰᠡᠨ ᠨᠤᠲᠤᠭ ᠮᠢᠨᠢ︾᠂ ︽ᠨᠠᠷᠠ︾᠂ ︽ᠰᠠᠯᠬᠢ ᠰᠥᠷᠦᠭᠰᠡᠨ ᠪᠣᠳᠤᠯ︾ ᠵᠡᠷᠭᠡ ᠤᠯᠡᠨ ᠠᠷᠪᠢᠨ ᠰᠢᠯᠦᠭ ᠵᠤᠬᠢᠶᠠᠯ ᠨᠡᠶᠢᠲᠡᠯᠡᠭᠦᠯᠵᠦ᠂ ᠡᠨᠡ ᠵᠢᠯ ︽ᠤᠷᠴᠢᠯᠠᠩ ᠤᠨ ᠰᠠᠶᠢᠬᠠᠨ ᠤᠯᠠᠭᠠᠨᠮᠤᠳᠤ︾ ᠭᠡᠬᠦ ᠢᠷᠠᠭᠤ ᠨᠠᠶᠢᠷᠠᠬ ᠤᠨ ᠲᠡᠬᠦᠪᠦᠷᠢ ᠪᠠᠨ ᠭᠡᠪᠯᠡᠬᠦᠯᠵᠤ᠂ ᠤᠩᠰᠢᠭᠴᠢ ᠲᠦᠮᠡᠨ ᠤ ᠪᠠᠨ ᠪᠢᠰᠢᠷᠡᠯ ᠪᠠᠭ᠋ᠠᠷᠬᠠᠯ ᠢ ᠤᠯᠤᠬᠰᠠᠭᠠᠷ ᠢᠷᠡᠵᠡᠢ᠃ ᠲᠡᠷᠡ ᠲᠠᠪᠤᠨ ᠬᠤᠰᠢᠭᠤ ᠮᠠᠯ ᠢᠶᠠᠨ ᠦᠨᠢᠷ ᠦᠰᠭᠡᠵᠤ᠂ ᠪᠠᠶᠠᠨ ᠮᠠᠯᠴᠢᠨ ᠪᠤᠯᠬᠤ ᠪᠠᠷ ᠴᠢᠷᠮᠠᠶᠢᠨ ᠠᠵᠢᠯᠯᠠᠬᠤ ᠶᠢᠨ ᠬᠠᠮᠳᠤ ᠤᠷᠤᠨ ᠨᠤᠲᠤᠭ ᠤᠨ ᠤᠷᠠᠨ ᠵᠤᠬᠢᠶᠠᠯ ᠤᠨ ᠬᠦᠷᠦᠰᠦ ᠰᠢᠷᠦᠢ ᠶᠢ ᠰᠢᠮᠡᠵᠢᠬᠦᠯᠵᠦ᠂ ᠮᠠᠯᠴᠢᠨ ᠲᠦᠮᠡᠨ ᠤ ᠠᠮᠢᠳᠤᠷᠠᠯ ᠤᠨ ᠶᠡᠷᠦ ᠶᠢᠨ ᠮᠡᠳᠡᠯᠭᠡ ᠶᠢ ᠳᠡᠭᠡᠭᠰᠢᠯᠡᠬᠦᠯᠤᠨ᠂ ᠲᠡᠳᠡᠨ ᠤ ᠨᠤᠮ ᠪᠢᠴᠢᠭ ᠤᠨ ᠬᠡᠷᠡᠭᠴᠡᠭᠡ ᠶᠢ ᠨᠡᠩ ᠰᠠᠶᠢᠳᠦᠷ ᠬᠠᠨᠭ᠍ᠭᠠᠬᠤ ᠶᠢᠨ ᠲᠦᠯᠦᠭᠡ ᠲᠠᠨᠠᠨ ᠴᠠᠭᠠᠨ ᠮᠣᠩᠭᠤᠯ ᠭᠡᠷ ᠲᠡᠭᠡᠨ ︽ᠨᠣᠭᠤᠭᠠᠨ ᠲᠠᠯ᠎ᠠ ᠶᠢᠨ ᠨᠣᠮ ᠤᠨ ᠥᠷᠦᠭᠡ︾ ᠪᠠᠶᠢᠭᠤᠯᠵᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号