ᠦᠷᠦᠴᠡᠠ ᠤ ᠬᠠᠶᠢᠷ᠎ᠠ ᠪᠠᠨ ᠶᠡᠬᠦᠯᠡᠭᠰᠡᠨ ᠨᠠᠰᠤᠨ ᠤ ᠦᠢᠯᠡᠰ
ᠨᠡᠶᠢᠲᠡᠯᠡᠭᠰᠡᠨ ᠴᠠᠭ᠄
2024/10/31
    — ᠨᠢᠭᠡ ᠨᠠᠰᠦ ᠪᠠᠷ ᠢᠶᠠᠨ ᠤᠰᠤᠨ ᠠᠰᠢᠭᠯᠠᠯᠳᠠ ᠶᠢᠨ ᠦᠢᠯᠡᠰ ᠲᠤ ᠵᠢᠳᠬᠦᠭᠰᠡᠨ ᠵᠠᠩ ᠢᠤᠢ ᠰᠢᠶᠠᠩ ᠰᠤ᠋ ᠽᠢ ᠮᠸᠢ ᠬᠤᠶᠠᠷ ᠨᠠᠰᠤᠳᠠᠨ ᠤ ᠦᠯᠢᠭᠡᠷ ᠢ ᠲᠡᠮᠳᠡᠭᠯᠡᠪᠡ      ᠤᠰᠤᠨ ᠠᠰᠢᠭᠯᠠᠯᠳᠠ ᠶᠢᠨ ᠦᠢᠯᠡᠰ ᠪᠤᠯ ᠨᠢᠭᠡᠨ ᠦᠶ᠎ᠡ ᠶᠢᠨ ᠬᠦᠯᠦᠰᠦ ᠮᠢᠩᠭᠠᠨ ᠦᠶ᠎ᠡ ᠶᠢᠨ ᠬᠤᠷ᠎ᠠ ᠪᠤᠯᠬᠤ ᠰᠠᠶᠢᠬᠠᠨ ᠦᠢᠯᠡᠰ ᠪᠤᠯᠤᠨ᠎ᠠ᠃ ᠲᠤᠭ᠎ᠠ ᠲᠤᠮᠰᠢ ᠦᠭᠡᠢ ᠤᠰᠤᠨ ᠠᠰᠢᠭᠯᠠᠯᠳᠠ ᠶᠢᠨ ᠠᠵᠢᠯᠳᠡᠳ ᠠᠮᠢ ᠨᠠᠰᠥ ᠦᠷᠦᠴᠡᠨ ᠤ ᠬᠠᠶᠢᠷ᠎ᠠ ᠪᠠᠨ ᠲᠠᠷᠬᠠᠨ ᠦᠢᠯᠡᠰ ᠲᠡᠭᠡᠨ ᠵᠤᠷᠢᠭᠤᠯᠵᠦ᠂ ᠲᠦᠭ ᠲᠦᠮᠡᠨ ᠠᠶᠢᠯ ᠡᠷᠦᠭᠡ ᠶᠢᠨ ᠠᠮᠤᠷ ᠠᠮᠤᠭᠤᠯᠠᠩ ᠢ ᠰᠠᠬᠢᠨ ᠬᠠᠮᠠᠭᠠᠯᠠᠭᠰᠠᠨ ᠦᠯᠢᠭᠡᠷ ᠢᠶᠠᠨ ᠪᠢᠴᠢᠭᠯᠡᠭᠰᠡᠭᠡᠷ ᠢᠷᠡᠵᠡᠢ᠃ ᠡᠬᠦᠨ ᠳᠤ 1949 ᠤᠨ ᠳᠤ ᠲᠦᠷᠦᠭᠰᠡᠨ ᠵᠠᠩ ᠢᠤᠢ ᠰᠢᠶᠠᠩ᠂ ᠰᠤ᠋ ᠽᠢ ᠮᠸᠢ ᠡᠪᠦᠭᠡᠨ ᠡᠮᠡᠭᠡᠨ ᠬᠤᠶᠠᠷ ᠨᠠᠰᠤᠳᠠᠨ ᠤ ᠦᠯᠢᠭᠡᠷ ᠪᠤᠯ ᠲᠠᠷᠤᠢ ᠡᠳᠡᠭᠡᠷ ᠦᠯᠢᠭᠡᠷ ᠤᠨ ᠲᠤᠮᠳᠠᠬᠢ ᠡᠭᠡᠯ ᠵᠢᠷ ᠤᠨ ᠨᠢᠬᠡᠨ ᠦᠯᠢᠭᠡᠷ ᠨᠢ ᠪᠤᠯᠤᠨ᠎ᠠ᠃     ᠬᠤᠶᠠᠷ ᠨᠠᠰᠤᠳᠠᠨ ᠤ ᠭᠡᠷ ᠲᠤ ᠤᠷᠤᠬᠤ ᠳᠤ᠂ ᠲᠡᠳᠡ ᠬᠤᠶᠠᠭᠤᠯᠠ ᠪᠠᠨ ᠨᠠᠨᠳᠢᠩᠨᠠᠨ ᠬᠠᠳᠠᠭᠠᠯᠠᠵᠤ ᠪᠠᠶᠢᠭᠰᠠᠨ ᠬᠠᠭᠤᠴᠢᠨ ᠭᠡᠷᠡᠯ ᠵᠢᠷᠤᠭ ᠤᠨ ᠳᠡᠪᠲᠡᠷ ᠢᠶᠠᠨ ᠤᠷᠪᠠᠭᠤᠯᠤᠨ ᠦᠵᠡᠵᠦ᠂ ᠥᠩᠭᠡᠷᠡᠭᠰᠡᠨ ᠤ ᠲᠤᠷᠠᠳᠬᠠᠯ ᠢᠶᠠᠨ ᠡᠷᠭᠢᠴᠡᠭᠦᠯᠦᠨ ᠰᠠᠭᠤᠵᠦ ᠪᠠᠶᠢᠯ᠎ᠠ᠃ ︽1968 ᠤᠨ ᠳᠤ ᠪᠢᠳᠡ ᠬᠤᠶᠠᠭᠤᠯᠠ ᠪᠠᠨ ᠬᠦᠳᠡᠭᠡ ᠪᠠᠭᠤᠭᠰᠠᠨ ᠰᠡᠭᠡᠭᠡᠳᠡᠨ ᠵᠠᠯᠠᠭᠤ ᠪᠤᠯᠤᠭᠰᠠᠨ ᠤ ᠬᠤᠪᠢ ᠪᠠᠷ ᠬᠦᠷᠰᠢ ᠵᠡᠷᠭᠡᠯᠡᠳᠡᠭᠡ ᠠᠶᠢᠯ ᠪᠤᠯᠵᠦ᠂ ᠠᠭᠠᠵᠢᠮ ᠢᠶᠠᠷ ᠲᠠᠨᠢᠯᠴᠠᠵᠠᠢ︾ ᠭᠡᠵᠦ ᠵᠠᠩ ᠢᠤᠢ ᠰᠢᠶᠠᠩ ᠨᠠᠰᠤᠳᠠᠨ ᠤᠴᠢᠷᠯᠠᠵᠦ ᠪᠠᠶᠢᠯ᠎ᠠ᠃     ᠲᠤᠬᠠᠢ ᠶᠢᠨ ᠴᠠᠭ ᠦᠶ᠎ᠡ ᠭᠡᠵᠦ ᠤᠷᠬᠢᠯᠤᠮ᠎ᠠ ᠬᠠᠯᠠᠭᠤᠨ ᠰᠡᠳᠬᠢᠯᠭᠡ ᠪᠤᠯᠤᠨ ᠬᠦᠴᠢᠷ ᠪᠡᠷᠭᠡᠰᠢᠶᠡᠯ ᠵᠡᠷᠭᠡᠪᠡᠷ ᠤᠷᠤᠰᠢᠵᠦ ᠪᠠᠶᠢᠭᠰᠠᠨ ᠶᠤᠮ᠃ ᠵᠠᠩ ᠢᠤᠢ ᠰᠢᠶᠠᠩ ᠤᠨ ᠠᠪᠤ ᠶᠢᠨ ᠬᠢᠨ ᠪᠡᠶ᠎ᠡ ᠮᠠᠭᠤ ᠪᠤᠯᠬᠤᠷ ᠬᠦᠦ ᠪᠠᠨ ᠡᠷᠳᠡᠭᠡᠨ ᠬᠤᠷᠢᠮᠯᠠᠬᠤ ᠶᠢ ᠶᠡᠭᠡᠯ᠎ᠡ ᠬᠦᠰᠡᠵᠦ ᠪᠠᠶᠢᠪᠠ᠃ ᠭᠡᠷ ᠤᠨ ᠬᠦᠮᠦᠰ ᠤᠨ ᠰᠢᠬᠠᠮᠳᠠᠭᠤᠯᠭ᠎ᠠ ᠪᠠᠷ ᠵᠠᠩ ᠢᠤᠢ ᠰᠢᠶᠠᠩ ᠴᠤ ᠵᠤᠷᠢᠭ ᠢᠶᠠᠨ ᠬᠦᠪᠴᠢᠯᠡᠨ᠂ ᠰᠤ᠋ ᠽᠢ ᠮᠸᠢ ᠳᠤ ᠦᠪᠡᠷ ᠤᠨ ᠬᠠᠶᠢᠷ᠎ᠠ ᠰᠡᠳᠬᠢᠯᠭᠡ ᠪᠠᠨ ᠢᠯᠡᠳᠭᠡᠪᠡ᠃ ᠰᠤ᠋ ᠽᠢ ᠮᠸᠢ ᠴᠤ ᠲᠠᠷᠠ ᠲᠠᠷᠦ᠋ᠢᠬᠠᠨ ᠵᠦᠪᠰᠢᠶᠡᠷᠡᠭᠰᠡᠨ ᠪᠠᠶᠢᠨ᠎ᠠ᠃ ᠲᠡᠳᠡᠨ ᠤ ᠢᠨᠠᠭ ᠲᠤᠷᠠᠯᠠᠯ ᠬᠠᠶᠢᠷ᠎ᠠ ᠰᠡᠳᠭᠢᠯᠭᠡ ᠨᠢ ᠦᠨᠡᠨᠴᠢ ᠴᠠᠭᠠᠪᠤᠷ ᠰᠡᠳᠬᠢᠯ ᠪᠤᠯᠤᠨ ᠪᠣᠷᠣᠭᠵᠢᠭᠤᠨ ᠠᠮᠢᠳᠤᠷᠠᠯ ᠤᠨ ᠲᠤᠮᠳᠠ ᠬᠠᠳᠠᠭᠤᠵᠢᠨ ᠪᠤᠯᠪᠠᠰᠤᠷᠠᠵᠦ ᠢᠷᠡᠪᠡ᠃     ᠲᠤᠬᠠᠶ ᠶᠢᠨ ᠦᠶ᠎ᠡ ᠳᠤ ᠲᠡᠳᠡᠨ ᠤ ᠠᠮᠢᠳᠤᠷᠠᠯ ᠤᠨ ᠨᠥᠬᠦᠴᠡᠯ ᠨᠢ ᠲᠦᠢᠯ ᠤᠨ ᠬᠦᠴᠢᠷᠳᠡᠯ ᠲᠠᠢ ᠪᠠᠶᠢᠵᠤ᠂ ᠡᠷᠳᠡᠨᠢ ᠰᠢᠰᠢ ᠶᠢᠨ ᠭᠤᠯᠢᠷ ᠨᠢ ᠵᠢᠩ ᠳᠡᠭᠡᠨ 7 ᠮᠥᠩᠭᠦ ᠪᠠᠶᠢᠵᠤ᠂ ᠬᠤᠶᠠᠭᠤᠯᠠ ᠦᠷᠭᠦᠯᠵᠢ ᠢᠳᠡᠵᠦ ᠴᠠᠳᠬᠤ ᠦᠭᠡᠢ ᠪᠠᠶᠢᠪᠠ᠃ ᠭᠡᠪᠡᠴᠦ ᠶᠠᠭ ᠡᠶᠢᠮᠦᠷᠬᠦᠦ ᠬᠦᠴᠢᠷᠳᠡᠯᠳᠡᠢ ᠪᠠᠶᠢᠳᠠᠯ ᠲᠤᠤᠷ᠎ᠠ ᠲᠡᠳᠠ ᠬᠤᠶᠠᠭᠤᠯᠠ ᠬᠠᠷᠢᠯᠴᠠᠨ ᠲᠡᠳᠬᠦᠨ ᠲᠡᠮᠵᠢᠵᠦ᠂ ᠬᠠᠮᠳᠦᠪᠡᠷ ᠠᠮᠢᠳᠤᠷᠠᠯ ᠤᠨ ᠬᠦᠴᠢᠷᠳᠡᠯ ᠢᠶᠠᠨ ᠲᠤᠭᠤᠯᠵᠦ ᠢᠷᠡᠭᠰᠡᠨ ᠪᠠᠶᠢᠨ᠎ᠠ᠃1972 ᠣᠨ ᠳᠤ᠂ ᠵᠠᠩ ᠢᠦᠢ ᠰᠢᠶᠠᠩ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ ᠳᠤ ᠠᠵᠢᠯ ᠰᠢᠯᠵᠢᠨ ᠠᠵᠢᠯᠯᠠᠵᠦ᠂ ᠲᠠᠷᠠᠭ᠎ᠠ ᠵᠢᠯ ᠳᠤᠨᠢ ᠰᠤ᠋ ᠽᠢ ᠮᠸᠢ ᠪᠠᠰᠠ ᠲᠤᠰ ᠲᠤᠪᠴᠢᠶ᠎ᠠ ᠳᠤ ᠠᠵᠢᠯ ᠰᠢᠯᠵᠢᠨ ᠠᠵᠢᠯᠯᠠᠭᠰᠠᠨ ᠪᠠᠶᠢᠨ᠎ᠠ᠃ ᠬᠡᠳᠦᠶᠢᠪᠡᠷ ᠠᠳᠠᠯᠢᠬᠠᠨ ᠪᠠᠶᠢᠭᠤᠯᠭ᠎ᠠ ᠪᠤᠯᠪᠠᠴᠦ᠂ ᠵᠠᠩ ᠢᠤᠢ ᠰᠢᠶᠠᠩ ᠤᠨ ᠠᠵᠢᠯ ᠦᠷᠬᠦᠯᠵᠢ ᠬᠦᠳᠡᠭᠡ ᠪᠠᠭᠤᠬᠤ ᠴᠢᠬᠤᠯᠠᠳᠠᠢ ᠪᠠᠶᠢᠵᠦ᠂ ᠡᠮᠦᠨᠡᠳᠦ ᠬᠤᠰᠢᠭᠤᠨ ᠤ 21 ᠰᠤᠮᠦ ᠰᠢᠶᠠᠩ ᠪᠠᠯᠭᠠᠰᠤᠨ ᠤ ᠤᠰᠤᠨ ᠠᠰᠢᠭᠯᠠᠯᠳᠠ ᠶᠢᠨ ᠠᠵᠢᠯ ᠳᠤ ᠪᠦᠷ ᠯᠡ ᠵᠠᠩ ᠢᠦᠢ ᠰᠢᠶᠠᠩ ᠤᠨ ᠶᠠᠭᠠᠷᠠᠯᠲᠠᠢ ᠪᠠᠷ᠎ᠠ ᠬᠠᠷᠠᠭᠳᠠᠵᠤ᠂ ᠭᠡᠷ ᠪᠦᠯᠢ ᠶᠢᠨ ᠬᠦᠨᠳᠦ ᠳᠠᠷᠤᠭᠠᠰᠤ ᠪᠠᠷᠤᠭ ᠪᠦᠷ ᠰᠤ᠋ ᠽᠢ ᠮᠸᠢ ᠶᠢᠨ ᠪᠡᠶ᠎ᠡ ᠳᠤ ᠲᠤᠯᠭᠠᠷᠠᠭᠰᠠᠨ ᠪᠠᠶᠢᠨ᠎ᠠ᠃ ᠰᠡᠭᠦᠯᠡᠷ ᠨᠢ ᠰᠤ᠋ ᠽᠢ ᠮᠸᠢ ᠶᠢᠨ ᠠᠵᠢᠯ ᠬᠡᠳᠦ ᠤᠳᠠᠭ᠎ᠠ ᠬᠤᠪᠢᠷᠠᠯᠲᠠ ᠭᠠᠷᠴᠤ᠂ ᠡᠴᠦᠰ ᠲᠡᠭᠡᠨ ᠡᠳ᠋ ᠤᠨ ᠶᠠᠪᠤᠳᠠᠯ ᠤᠨ ᠲᠠᠰᠤᠭ ᠲᠤ ᠠᠵᠢᠯᠯᠠᠵᠤ᠂ ᠵᠠᠩ ᠢᠦᠢ ᠰᠢᠶᠠᠩ ᠴᠤ ᠲᠣᠪᠴᠢᠶᠠᠨ ᠤ ᠪᠠᠨ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠲᠡᠳᠡ ᠬᠤᠶᠠᠭᠤᠯᠠ ᠬᠠᠮᠤᠭ ᠠᠩᠬᠠᠨ ᠤ ᠬᠠᠮᠲᠤ ᠠᠵᠢᠯᠳᠠᠨ ᠪᠠᠶᠢᠭᠰᠠᠨ ᠠᠴᠠ ᠪᠠᠨ ᠵᠠᠩ ᠢᠤᠢ ᠰᠢᠶᠠᠩ ᠠᠴᠠ ᠰᠤ᠋ ᠽᠢ ᠮᠸᠢ ᠶᠢ ᠤᠳᠤᠷᠢᠳᠬᠤ ᠪᠤᠯᠪᠠ᠃ ᠠᠵᠢᠯ ᠤᠨ ᠬᠢᠷᠢ ᠬᠡᠮ  ᠬᠡᠳᠦᠶᠢᠪᠡᠷ ᠬᠤᠪᠢᠷᠠᠯᠳᠠ ᠭᠠᠷᠤᠭᠰᠠᠨ ᠪᠤᠯᠪᠠᠴᠦ ᠲᠡᠳᠡᠨ ᠤ ᠬᠠᠶᠢᠷ᠎ᠠ ᠰᠡᠳᠬᠢᠯᠭᠡ ᠨᠢ ᠨᠡᠩ ᠬᠦᠨ ᠵᠤᠵᠠᠭᠠᠨ ᠪᠤᠯᠵᠦ᠂ ᠬᠤᠭᠤᠷᠤᠨᠳᠦ ᠪᠠᠨ ᠰᠡᠳᠬᠢᠯ ᠰᠠᠨᠠᠭ᠎ᠠ ᠪᠠᠨ ᠨᠡᠩ ᠢᠯᠡᠬᠦᠦ ᠤᠯᠤᠯᠴᠠᠭᠰᠠᠨ ᠪᠠᠶᠢᠨ᠎ᠠ᠃      ᠲᠠ ᠬᠤᠶᠠᠭᠤᠯᠠ ᠪᠠᠨ ᠬᠤᠭᠤᠷᠤᠨᠳᠦ ᠪᠠᠨ ᠵᠦᠷᠢᠴᠡᠯ ᠮᠦᠷᠭᠦᠯᠳᠦᠭᠡᠨ ᠡᠬᠦᠰᠴᠦ ᠭᠡᠷᠡᠯᠳᠦᠵᠦ ᠦᠩᠭᠡᠷᠡᠭᠰᠡᠨ ᠡᠰᠡᠬᠦ ᠲᠤᠬᠠᠢ ᠠᠰᠠᠭᠤᠬᠤ ᠳᠤ ᠬᠤᠶᠠᠷ ᠨᠠᠰᠤᠳᠠᠨ ᠨᠢᠭᠡ ᠯᠡ ᠲᠠᠭᠤᠨ ᠢᠶᠠᠷ᠄ ︽ᠪᠢᠳᠡ ᠶᠠᠷᠦ ᠨᠢ ᠵᠦᠷᠢᠴᠡᠯ ᠮᠦᠷᠭᠦᠯᠳᠦᠭᠡᠨ ᠡᠬᠦᠰᠴᠦ ᠬᠡᠷᠡᠯᠳᠦᠵᠦ ᠦᠩᠭᠡᠷᠡᠭᠰᠡᠨ ᠦᠭᠡᠢ᠂ ᠬᠡᠷᠡᠯᠳᠦᠬᠦ ᠦᠭᠡᠢ ᠶᠢᠨ ᠨᠢᠭᠤᠴᠠ ᠵᠤᠷ ᠪᠤᠯ ᠲᠠᠷᠤᠢ ᠰᠡᠳᠬᠢᠯ ᠢᠶᠠᠨ ᠬᠠᠷᠢᠯᠴᠠᠬᠤ ᠶᠠᠪᠤᠳᠠᠯ ᠪᠤᠯᠤᠨ᠎ᠠ᠂ ᠬᠤᠶᠠᠭᠤᠯᠠ ᠪᠠᠨ ᠬᠠᠮᠳᠦ ᠪᠠᠶᠢᠪᠠᠯ ᠶᠠᠷᠦ ᠨᠢ ᠶᠠᠷᠢᠭᠠᠳ ᠪᠠᠷᠠᠰᠢ ᠦᠭᠡᠢ ᠦᠭᠡ ᠲᠠᠢ ᠪᠠᠶᠢᠳᠠᠭ ᠪᠦᠭᠡᠳ ᠠᠮᠢᠳᠤᠷᠠᠯ ᠲᠤᠮᠳᠠᠬᠢ ᠵᠦᠷᠢᠴᠡᠯ ᠴᠤ ᠡᠬᠦᠨ ᠤ ᠲᠤᠮᠳᠠ ᠰᠶᠢᠳᠪᠦᠷᠢᠯᠡᠭᠳᠡᠳᠡᠭ ︾ ᠭᠡᠵᠦ ᠬᠡᠯᠡᠨ᠎ᠠ᠃     1998 ᠣᠨ ᠳᠤ᠂ ᠨᠤᠨ ᠮᠥᠷᠡᠨ ᠤ ᠰᠠᠪᠠ ᠭᠠᠵᠠᠷ ᠲᠤ ᠶᠡᠭᠡ ᠦᠶᠡᠷ ᠭᠠᠷᠴᠤ᠂ ᠬᠢᠩᠭᠠᠨ ᠠᠶᠢᠮᠠᠭ ᠤᠨ ᠪᠦᠬᠦ ᠬᠢᠯᠢ ᠶᠢᠨ ᠤᠰᠤᠨ ᠴᠥᠭᠦᠷᠥᠮ ᠪᠠᠴᠢᠮ ᠪᠠᠶᠢᠳᠠᠯ ᠳᠤ ᠣᠷᠣᠪᠠ᠃ ᠵᠠᠩ ᠢᠦᠢ ᠰᠢᠶᠠᠩ ᠡᠨᠡᠬᠦ ᠠᠶᠤᠯ ᠲᠦᠭᠰᠢᠭᠦᠷᠢ ᠶᠢᠨ ᠦᠶ᠎ᠡ ᠳᠤ ᠵᠠᠷᠯᠢᠭ ᠬᠦᠯᠢᠶᠡᠵᠦ᠂ ᠪᠦᠬᠦᠶᠢᠯᠡ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠳᠤᠬᠢᠷᠠᠭᠤᠯᠬᠤ ᠪᠠ ᠳᠤᠤᠷᠠᠳᠤ ᠤᠷᠤᠰᠬᠠᠯ ᠤᠨ ᠠᠷᠠᠳ ᠲᠦᠮᠡᠨ ᠤ ᠠᠮᠢ ᠨᠠᠰᠦ ᠡᠳ᠋ ᠬᠦᠷᠦᠩᠡ ᠶᠢᠨ ᠠᠮᠤᠷ ᠲᠦᠪᠰᠢᠨ ᠢ ᠬᠠᠷᠢᠭᠤᠴᠠᠪᠠ᠃ ᠬᠤᠶᠠᠷ ᠰᠠᠷ᠎ᠠ ᠭᠠᠷᠤᠢ ᠶᠢᠨ ᠬᠠᠳᠠᠭᠤᠵᠢᠯᠳᠠᠢ ᠴᠢᠷᠮᠠᠶᠢᠯᠭ᠎ᠠ ᠲᠤᠤᠷ᠎ᠠ᠂ ᠵᠠᠩ ᠢᠦᠢ ᠰᠢᠶᠠᠩ ᠵᠣᠬᠢᠶᠠᠨ ᠪᠠᠶᠢᠭᠤᠯᠤᠯᠲᠠ ᠠᠴᠠ ᠲᠡᠭᠦᠨ ᠳᠤ ᠲᠤᠰᠢᠶᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠤᠬᠠᠶ ᠶᠢᠨ ᠵᠢᠯ ᠤᠨ ᠶᠡᠭᠡ ᠦᠶᠡᠷ ᠲᠤ᠂ ᠪᠥᠬᠦ ᠬᠤᠰᠢᠭᠤᠨ ᠳᠤ ᠨᠢᠭᠡ ᠴᠦ ᠬᠥᠮᠦᠨ ᠴᠤ ᠦᠶᠡᠷ ᠤᠨ ᠤᠰᠤᠨ ᠳᠤ ᠡ᠊ᠨᠳᠡᠭᠰᠡᠨ ᠥᠬᠡᠶ᠂ ᠡᠨᠡ ᠨᠢ ᠵᠠᠩ ᠢᠦᠶ ᠰᠢᠶᠠᠩ ᠤᠨ ᠰᠡᠳᠭᠢᠯ ᠳᠤ ᠠᠪᠴᠤ ᠬᠡᠯᠡᠪᠡᠯ ᠨᠢᠭᠡ ᠨᠠᠰᠤᠨ ᠤ ᠢᠷᠠᠭᠤ ᠠᠯᠳᠠᠷ ᠪᠣᠯᠤᠨ᠎ᠠ᠃ ᠵᠠᠩ ᠢᠦᠢ ᠰᠢᠶᠠᠩ ᠦᠶᠡᠷ ᠲᠠᠢ ᠲᠡᠮᠡᠴᠡᠯᠳᠦᠵᠦ ᠪᠠᠶᠢᠬᠤ ᠦᠶ᠎ᠡ ᠳᠤ ᠰᠤ᠋ ᠽᠢ ᠮᠸᠢ ᠨᠦᠬᠦᠷ ᠤᠨ ᠠᠵᠢᠯ ᠢᠶᠠᠨ ᠪᠦᠬᠦ ᠬᠦᠴᠦᠨ ᠢᠶᠠᠷ ᠲᠡᠮᠵᠢᠭᠰᠡᠨ ᠢᠶᠠᠷ ᠪᠠᠷᠠᠬᠤ ᠦᠭᠡᠢ᠂ ᠪᠠᠰᠠ ᠭᠡᠷ ᠪᠦᠯᠢ ᠪᠠᠨ ᠡᠮᠬᠢ ᠴᠡᠭᠴᠡ ᠲᠠᠢ ᠬᠠᠷᠠᠭᠠᠯᠵᠠᠵᠤ᠂ ᠵᠠᠩ ᠢᠦᠢ ᠰᠢᠶᠠᠩ ᠳᠤ ᠪᠠᠲᠤ ᠪᠠᠬᠢ ᠲᠦᠰᠢᠭ ᠪᠤᠯᠤᠭᠰᠠᠨ ᠪᠠᠶᠢᠨ᠎ᠠ᠃     2004 ᠣᠨ ᠪᠠ 2009 ᠣᠨ ᠳᠤ᠂ ᠰᠤ᠋ ᠽᠢ ᠮᠸᠢ ᠪᠣᠯᠤᠨ ᠵᠠᠩ ᠢᠦᠶ ᠰᠢᠶᠠᠩ ᠤᠷᠢᠳ ᠬᠤᠵᠢᠳ ᠡᠮᠦᠨᠡᠲᠦ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ ᠠᠴᠠ ᠠᠵᠢᠯ ᠠᠴᠠ ᠪᠠᠨ ᠠᠮᠠᠷᠠᠪᠠ᠃ ᠠᠵᠢᠯ ᠠᠴᠠ ᠪᠠᠨ ᠠᠮᠠᠷᠠᠭᠰᠠᠨ ᠤ ᠲᠠᠷᠠᠭ᠎ᠠ᠂ ᠬᠤᠶᠠᠭᠤᠯᠠ ᠪᠠᠨ ᠤᠰᠤᠨ ᠠᠰᠢᠭᠯᠠᠯᠳᠠ ᠶᠢᠨ ᠬᠡᠷᠡᠭᠰᠡᠯ ᠤᠨ ᠲᠡᠯᠭᠡᠬᠦᠷ ᠨᠡᠭᠡᠭᠡᠵᠦ᠂ ᠲᠠᠷᠢᠶᠠᠯᠠᠩ ᠳᠤ ᠬᠡᠷᠡᠭᠯᠡᠬᠦ ᠬᠤᠳᠳᠤᠭ ᠮᠠᠯᠳᠠᠬᠤ ᠲᠦᠬᠦᠭᠡᠷᠦᠮᠵᠢ ᠪᠠ ᠲᠤᠰᠤᠯᠭᠠᠨ ᠤᠰᠤᠯᠠᠬᠤ᠂ ᠰᠦᠷᠴᠢᠨ ᠤᠰᠤᠯᠠᠬᠤ ᠵᠡᠷᠭᠡ ᠲᠦᠬᠦᠭᠡᠷᠦᠮᠵᠢ ᠬᠤᠳᠠᠯᠳᠤᠵᠠᠢ᠃     ᠲᠠᠪᠤᠨ ᠵᠢᠯ ᠤᠨ ᠡᠮᠦᠨ᠎ᠡ᠂ 70 ᠨᠠᠰᠤᠳᠠᠢ ᠬᠤᠶᠠᠷ ᠨᠠᠰᠤᠲᠠᠨ ᠠᠵᠢᠯ ᠢᠶᠠᠨ ᠨᠢᠭᠡᠮᠦᠰᠦᠨ ᠠᠮᠠᠷᠠᠵᠦ᠂ ᠠᠭᠤᠳᠠᠮ ᠲᠠᠯᠠᠪᠠᠶ ᠶᠢᠨ ᠪᠥᠵᠢᠭ ᠪᠥᠵᠢᠭᠯᠡᠬᠦ᠂ ᠴᠡᠴᠡᠷᠯᠢᠭ ᠢᠶᠠᠷ ᠲᠤᠭᠤᠷᠢᠬᠤ ᠨᠢ ᠲᠡᠳᠡᠨ ᠤ ᠡᠳᠦᠷ ᠪᠦᠷᠢ ᠶᠢᠨ ᠵᠠᠪᠠᠯ ᠰᠤᠷᠬᠤ ᠬᠢᠴᠢᠶᠡᠯ ᠪᠤᠯᠵᠦ᠂ ᠠᠮᠢᠳᠤᠷᠠᠯ ᠨᠢ ᠤᠯᠠᠮ ᠰᠡᠳᠬᠢᠯ ᠲᠡᠨᠢᠬᠦᠨ ᠪᠤᠯᠤᠭᠰᠠᠨ ᠪᠠᠶᠢᠨ᠎ᠠ᠃ ᠬᠤᠶᠠᠷ ᠨᠠᠰᠤᠳᠠᠨ ᠤ ᠬᠦᠦ ᠨᠢ ᠡᠮᠦᠨᠡᠲᠦ ᠣᠷᠣᠨ ᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ ᠰᠢᠨᠵᠢᠯᠡᠬᠦ ᠤᠬᠠᠭᠠᠨ ᠤ ᠰᠤᠳᠤᠯᠭᠠᠨ ᠬᠢᠵᠦ᠂ ᠥᠬᠢᠨ ᠨᠢ ᠲᠤᠰ ᠭᠠᠵᠠᠷ ᠲᠠᠭᠠᠨ ᠠᠵᠢᠯᠯᠠᠵᠤ᠂ ᠠᠪᠤ ᠡᠵᠢ ᠶᠢᠨ ᠢᠶᠠᠨ ᠳᠡᠷᠭᠡᠳᠡ ᠦᠷᠭᠦᠯᠵᠢ ᠬᠠᠨᠢ ᠪᠣᠯᠳᠠᠭ᠃ 2024 ᠣᠨ ᠳᠤ᠂ ᠬᠤᠶᠠᠷ ᠨᠠᠰᠤᠲᠠᠨ 50 ᠵᠢᠯ ᠤᠨ ᠠᠯᠳᠠᠨ ᠤᠷᠤᠬ ᠤᠨ ᠦᠶ᠎ᠡ ᠳᠤ᠂ ᠬᠤᠷᠢᠮ ᠤᠨ ᠰᠡᠭᠦᠳᠡᠷ ᠢᠶᠠᠨ ᠨᠥᠬᠦᠪᠥᠷᠢᠯᠡᠵᠦ᠂ ᠭᠡᠷ ᠪᠦᠯᠢ ᠶᠢᠨ ᠰᠡᠬᠦᠳᠡᠷ ᠲᠠᠳᠠᠵᠦ᠂ ᠡᠭᠡ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠰᠠᠶᠢᠨ ᠰᠠᠶᠢᠬᠠᠨ ᠴᠠᠭ ᠮᠥᠴᠡ ᠪᠠᠨ ᠬᠠᠮᠲᠤᠪᠠᠷ ᠪᠡᠯᠭᠡᠯᠡᠪᠡ᠃     ︽ᠡᠬᠡ ᠤᠯᠤᠰ ᠬᠦᠴᠦᠷᠬᠡᠭᠵᠢᠪᠡᠯ ᠮᠠᠨ ᠤ ᠠᠷᠠᠳ ᠤᠯᠠᠨ ᠤ ᠠᠮᠢᠳᠤᠷᠠᠯ ᠤᠯᠠᠮ ᠢᠶᠠᠷ ᠰᠠᠶᠢᠵᠢᠷᠠᠨ᠎ᠠ᠂ ᠡᠭᠡ ᠤᠯᠤᠰ ᠤᠨ ᠬᠦᠭᠵᠢᠨ ᠮᠠᠨᠳᠤᠵᠦ ᠪᠠᠶᠢᠬᠤ ᠡᠨᠡᠬᠦ ᠠᠭᠤᠤ ᠶᠡᠭᠡ ᠬᠤᠪᠢᠷᠠᠯᠳᠠ ᠶᠢ ᠤᠯᠵᠦ ᠬᠠᠷᠠᠭᠰᠠᠨ ᠪᠢᠳᠡ ᠬᠤᠶᠠᠭᠤᠯᠠ ᠦᠩᠭᠡᠷᠡᠭᠰᠡᠨ ᠢᠶᠠᠨ ᠡᠷᠬᠢᠴᠡᠬᠦᠯᠬᠦ ᠪᠦᠷᠢ ᠰᠠᠨᠠᠭ᠎ᠠ ᠰᠡᠳᠬᠢᠯ ᠮᠢᠨᠢ ᠲᠦᠢᠯ ᠢᠶᠠᠷ ᠲᠤᠭᠳᠤᠯᠤᠨ ᠪᠠᠶᠠᠷᠯᠠᠳᠠᠭ ᠰᠢᠦ︾ ᠭᠡᠵᠦ ᠬᠤᠶᠠᠷ ᠨᠠᠰᠤᠳᠠᠨ ᠬᠡᠯᠡᠵᠦ ᠪᠠᠶᠢᠯ᠎ᠠ᠃             · ᠹᠠᠨ ᠬᠤᠩ ᠷᠦᠢ ᠲᠤᠯᠭᠠᠭᠤᠷᠢ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号