ᠡᠮᠥᠨᠡᠳᠥ ᠬᠤᠰᠢᠭᠤᠨ ᠤ ᠨᠠᠮ ᠤᠨ ᠬᠡᠰᠢᠬᠦᠨ ᠤᠯᠠᠨ ᠲᠦᠮᠡᠨ ᠳᠤ ᠥᠢᠯᠡᠴᠢᠯᠡᠬᠦ ᠲᠦᠪ ᠤᠨ ᠵᠠᠰᠠᠭᠳᠥ ᠨᠡᠶᠢᠭᠡᠮ ᠳᠤᠭᠤᠷᠢᠭ ᠤᠨ ᠭᠠᠷ ᠤᠷᠠᠯᠠᠯ ᠤᠨ ᠨᠡᠶᠢᠭᠡᠮᠯᠢᠭ ᠤᠨ ᠬᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠵᠦ ᠪᠤᠢ
ᠨᠡᠶᠢᠲᠡᠯᠡᠭᠰᠡᠨ ᠴᠠᠭ᠄
2024/10/31
       ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠨᠠᠮ ᠤᠨ ᠬᠡᠰᠢᠬᠦᠨ ᠤᠯᠠᠨ ᠲᠦᠮᠡᠨ ᠳᠤ ᠥᠢᠯᠡᠴᠢᠯᠡᠬᠦ ᠲᠦᠪ ᠤᠨ ᠵᠠᠰᠠᠭᠳᠥ ᠨᠡᠶᠢᠭᠡᠮ ᠳᠤᠭᠤᠷᠢᠭ ᠤᠨ ᠭᠠᠷ ᠤᠷᠠᠯᠠᠯ ᠤᠨ ᠨᠡᠶᠢᠭᠡᠮᠯᠢᠭ 2014 ᠤᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠬᠠᠷᠢᠶ᠎ᠠ ᠳᠤᠭᠤᠷᠢᠭ ᠤᠨ ᠢᠶᠠᠨ ᠠᠮᠢᠳᠤᠷᠠᠯ ᠬᠦᠴᠢᠷᠳᠠᠯᠳᠠᠢ ᠰᠠᠭᠤᠭᠠᠯᠢ ᠠᠷᠠᠳ᠂ ᠵᠡᠮᠳᠡᠭ ᠭᠡᠷ ᠪᠦᠯᠢ ᠪᠤᠶᠤ ᠠᠵᠢᠯ ᠠᠯᠳᠠᠭᠰᠠᠳ ᠲᠤ ᠠᠵᠢᠯ ᠤᠯᠬᠤ ᠳᠠᠪᠴᠠᠩ ᠬᠠᠩᠭᠠᠨ᠂ ᠭᠠᠷ ᠤᠷᠠᠯᠠᠯ ᠤᠨ ᠮᠡᠷᠭᠡᠵᠢᠯ ᠤᠨ ᠲᠤᠰᠬᠠᠢ ᠪᠠᠭᠰᠢ ᠲᠤᠬᠢᠷᠠᠭᠤᠯᠤᠨ ᠰᠥᠢᠳᠭᠡᠯ ᠬᠤᠷᠢᠶᠠᠬᠤ ᠦᠬᠡᠢ ᠪᠠᠷ ᠰᠠᠭᠤᠭᠠᠯᠢ ᠠᠷᠠᠳ ᠲᠤ ᠭᠠᠷ ᠤᠷᠠᠯᠠᠯ ᠤᠨ ᠥᠢᠯᠡᠳᠬᠦᠨ ᠬᠢᠬᠦ ᠮᠡᠷᠭᠡᠵᠢᠯ ᠵᠢᠭᠠᠵᠤ ᠦᠭᠬᠦᠨ᠂ ᠤᠯᠠᠨ ᠤ ᠤᠷᠤᠯᠭ᠎ᠠ ᠶᠢ ᠨᠡᠮᠡᠭᠳᠡᠬᠦᠯᠵᠤ ᠪᠤᠢ᠃     ᠸᠠᠩ ᠱᠦ ᠴᠢᠨ ᠪᠤᠯ ᠳᠠᠷᠤᠢ ᠵᠠᠰᠠᠭᠳᠥ ᠨᠡᠶᠢᠭᠡᠮ ᠳᠤᠭᠤᠷᠢᠭ ᠤᠨ ᠭᠠᠷ ᠤᠷᠠᠯᠠᠯ ᠤᠨ ᠨᠡᠶᠢᠭᠡᠮᠯᠢᠭ ᠤᠨ ᠪᠠᠭᠰᠢ ᠶᠢᠨ ᠨᠢᠬᠡ ᠪᠤᠯᠤᠨ᠎ᠠ᠃ ᠲᠡᠷᠡ ᠲᠤᠰ ᠨᠡᠶᠢᠭᠡᠮᠯᠢᠭ ᠪᠠᠶᠢᠭᠤᠯᠤᠭᠳᠠᠭᠰᠠᠨ ᠠᠴᠠ ᠤᠳᠥ ᠪᠤᠯᠳᠠᠯ᠎ᠠ ᠬᠤᠷᠴᠢᠨ ᠪᠠᠷᠠᠭᠤᠨ ᠭᠠᠷᠥᠨ ᠳᠤᠮᠳᠠᠳᠥ ᠬᠤᠰᠢᠭᠤ᠂ ᠷᠠᠰᠢᠶᠠᠨ ᠬᠤᠳᠠ᠂ ᠲᠦᠴᠢᠥᠸᠠᠨ ᠰᠢᠶᠠᠨ ᠵᠢᠴᠢ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠵᠢᠷᠥᠭᠡᠨ ᠪᠠᠯᠭᠠᠰᠥ᠂ ᠨᠡᠳᠥᠭᠡᠷ ᠪᠠᠯᠭᠠᠰᠥ ᠵᠡᠷᠭᠡ ᠭᠠᠵᠠᠷ ᠢᠶᠠᠷ ᠪᠤᠯᠪᠠᠰᠤᠷᠠᠯ ᠡᠷᠬᠢᠯᠡᠨ᠂ ᠤᠳᠥ ᠪᠤᠯᠳᠠᠯ᠎ᠠ 2000 ᠭᠠᠷᠤᠢ ᠰᠤᠷᠤᠭᠴᠢ ᠬᠦᠮᠥᠵᠢᠬᠦᠯᠵᠤ᠂ ᠬᠦᠳᠡᠭᠡ ᠶᠢᠨ ᠪᠦᠰᠡᠭᠦᠶᠢᠴᠦᠳ ᠲᠤ ᠡᠬᠦᠳᠡᠨ ᠡᠮᠥᠨ᠎ᠡ ᠪᠠᠨ ᠭᠠᠷ ᠤᠷᠠᠯᠠᠯ ᠤᠨ ᠮᠡᠷᠭᠡᠵᠢᠯ ᠰᠤᠷᠤᠯᠴᠠᠵᠤ ᠤᠷᠤᠯᠭ᠎ᠠ ᠪᠠᠨ ᠨᠡᠮᠡᠭᠳᠡᠬᠦᠯᠬᠦ ᠳᠤᠬᠢᠶᠠᠯ ᠤᠯᠭᠤᠭᠰᠠᠨ ᠪᠠᠶᠢᠨ᠎ᠠ᠃     ︽ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠨᠠᠮ ᠤᠨ ᠬᠡᠰᠢᠬᠦᠨ ᠤᠯᠠᠨ ᠲᠦᠮᠡᠨ ᠳᠤ ᠥᠢᠯᠡᠴᠢᠯᠡᠬᠦ ᠲᠦᠪ ᠤᠨ ᠵᠠᠰᠠᠭᠳᠥ ᠨᠡᠶᠢᠭᠡᠮ ᠳᠤᠭᠤᠷᠢᠭ ᠮᠠᠨᠥᠰ ᠲᠤ ᠰᠥᠢᠳᠭᠡᠯ ᠬᠤᠷᠢᠶᠠᠬᠤ ᠦᠬᠡᠢ ᠪᠠᠷ ᠠᠵᠢᠯᠯᠠᠬᠤ ᠳᠠᠰᠤᠭ ᠬᠠᠨᠭ᠍ᠭᠠᠵᠤ᠂ ᠪᠠᠰᠠ ᠭᠠᠷ ᠤᠷᠠᠯᠠᠯ ᠤᠨ ᠪᠦᠳᠥᠭᠡᠭᠳᠡᠬᠦᠨ ᠢ ᠪᠤᠷᠤᠯᠠᠭᠤᠯᠤᠨ ᠦᠭᠴᠤ ᠪᠤᠢ᠃ ᠨᠡᠶᠢᠭᠡᠮ ᠳᠤᠭᠤᠷᠢᠭ ᠤᠨ ᠬᠠᠪᠰᠤᠷᠤᠯᠭ᠎ᠠ ᠪᠠᠷ ᠪᠢᠳᠡ ᠡ᠊ᠨᠡ ᠵᠢᠯ ᠤᠨ 3 ᠰᠠᠷ᠎ᠠ ᠳᠤ ᠤᠯᠠᠭᠠᠨᠬᠤᠳᠠ ᠶᠢᠨ ᠨᠢᠭᠡᠨ ᠬᠦᠪᠤᠩ ᠬᠤᠪᠴᠠᠰᠥ ᠬᠢᠳᠡᠭ ᠳᠡᠯᠭᠡᠬᠦᠷ ᠲᠠᠢ ᠵᠠᠬᠢᠶᠠᠯᠠᠭ᠎ᠠ ᠳᠤᠭᠳᠠᠵᠤ᠂ ᠲᠤᠰ ᠳᠡᠯᠭᠡᠬᠦᠷ ᠤᠨ ᠬᠢᠨ ᠮᠠᠨ ᠤ ᠬᠢᠭᠰᠡᠨ ᠬᠦᠪᠤᠩ ᠦᠮᠥᠳᠥ ᠶᠢ ᠵᠠᠬ᠎ᠠ ᠳᠡᠯᠭᠡᠬᠦᠷ ᠲᠤ ᠪᠤᠷᠤᠯᠠᠭᠤᠯᠵᠤ ᠪᠠᠶᠢᠨ᠎ᠠ᠂ ᠤᠳᠥ ᠪᠤᠯᠳᠠᠯ᠎ᠠ ᠮᠠᠨ ᠤ ᠰᠤᠷᠤᠭᠴᠢᠳ ᠨᠡᠶᠢᠳᠡ 1000 ᠭᠠᠷᠤᠢ ᠬᠦᠪᠤᠩ ᠦᠮᠥᠳᠥ ᠬᠢᠵᠤ ᠬᠤᠳᠠᠯᠳᠤᠭᠰᠠᠨ ᠪᠠᠶᠢᠨ᠎ᠠ︾ ᠭᠡᠵᠤ ᠵᠠᠰᠠᠭᠳᠥ ᠨᠡᠶᠢᠭᠡᠮ ᠳᠤᠭᠤᠷᠢᠭ ᠤᠨ ᠭᠠᠷ ᠤᠷᠠᠯᠠᠯ ᠤᠨ ᠨᠡᠶᠢᠭᠡᠮᠯᠢᠭ ᠤᠨ ᠬᠡᠰᠢᠬᠦᠨ ᠸᠠᠩ ᠱᠦ ᠴᠢᠨ ᠪᠠᠭᠰᠢ ᠬᠡᠯᠡᠪᠡ᠃     ︽ᠪᠢ ᠵᠠᠰᠠᠭᠳᠥ ᠨᠡᠶᠢᠭᠡᠮ ᠳᠤᠭᠤᠷᠢᠭ ᠤᠨ ᠭᠠᠷ ᠤᠷᠠᠯᠠᠯ ᠤᠨ ᠨᠡᠶᠢᠭᠡᠮᠯᠢᠭ ᠲᠤ ᠮᠡᠷᠭᠡᠵᠢᠯ ᠰᠤᠷᠤᠯᠴᠠᠭᠠᠳ ᠭᠤᠷᠪᠠᠨ ᠵᠢᠯ ᠪᠤᠯᠵᠤ ᠪᠤᠢ᠂ ᠮᠠᠨ ᠤ ᠨᠡᠶᠢᠭᠡᠮᠯᠢᠭ ᠰᠢᠨ᠎ᠡ ᠪᠠᠷ ᠨᠡᠷ᠎ᠡ ᠮᠡᠳᠡᠬᠦᠯᠥᠭᠰᠡᠨ ᠰᠤᠷᠤᠭᠴᠢᠳ ᠲᠠᠭᠠᠨ ᠰᠥᠢᠳᠭᠡᠯ ᠬᠤᠷᠢᠶᠠᠬᠤ ᠦᠬᠡᠢ ᠪᠠᠷ ᠵᠡᠬᠦᠥ ᠤᠳᠠᠰᠥ᠂ ᠪᠦᠰ ᠵᠡᠷᠭᠡ ᠮᠠᠲ᠋ᠧᠷᠢᠶᠠᠯ ᠬᠠᠨᠭ᠍ᠭᠠᠵᠤ᠂ ᠭᠠᠷ ᠤᠷᠠᠯᠠᠯ ᠤᠨ ᠥᠢᠯᠡᠳᠬᠦᠨ ᠬᠢᠬᠦ ᠮᠡᠷᠭᠡᠵᠢᠯ ᠢ ᠨᠠᠷᠢᠯᠢᠭ ᠰᠢᠰᠲ᠋ᠧᠮ ᠲᠠᠢ ᠵᠢᠭᠠᠵᠦ ᠪᠠᠶᠢᠨ᠎ᠠ᠃ ᠤᠳᠥ ᠪᠢ ᠳᠡᠷᠭᠡᠨ ᠳᠡᠪᠢᠰᠭᠡᠷ᠂ ᠭᠠᠷ ᠪᠤᠭᠴᠥ᠂ ᠴᠢᠷᠥᠬᠦᠯ ᠱᠠᠬᠠᠢ ᠵᠡᠷᠭᠡ 10 ᠭᠠᠷᠤᠢ ᠲᠦᠷᠥᠯ ᠤᠨ ᠪᠦᠳᠥᠭᠡᠭᠳᠡᠬᠦᠨ ᠬᠢᠵᠤ ᠴᠢᠳᠠᠬᠤ ᠪᠤᠯᠪᠠ᠂ ᠰᠠᠷ᠎ᠠ ᠪᠦᠷᠢ ᠳᠡᠭᠰᠢᠳᠭᠡᠭᠡᠳ 1500 ᠲᠦᠬᠦᠷᠢᠭ ᠤᠯᠵᠤ ᠪᠤᠢ︾ ᠭᠡᠵᠤ ᠭᠠᠷ ᠤᠷᠠᠯᠠᠯ ᠤᠨ ᠨᠡᠶᠢᠭᠡᠮᠯᠢᠭ ᠤᠨ ᠭᠡᠰᠢᠬᠦᠨ ᠰᠢᠶᠥᠥ ᠬᠠᠨ ᠬᠡᠯᠡᠪᠡ᠃     ᠡᠮᠥᠨᠡᠳᠥ ᠬᠤᠰᠢᠭᠤᠨ ᠤ ᠨᠠᠮ ᠤᠨ ᠬᠡᠰᠢᠬᠦᠨ ᠤᠯᠠᠨ ᠲᠦᠮᠡᠨ ᠳᠤ ᠥᠢᠯᠡᠴᠢᠯᠡᠬᠦ ᠲᠦᠪ ᠤᠨ ᠵᠠᠰᠠᠭᠳᠥ ᠨᠡᠶᠢᠭᠡᠮ ᠳᠤᠭᠤᠷᠢᠭ ᠤᠨ ᠭᠠᠷ ᠤᠷᠠᠯᠠᠯ ᠤᠨ ᠨᠡᠶᠢᠭᠡᠮᠯᠢᠭ ᠤᠨ ᠬᠢᠨ ᠪᠡᠭᠡᠵᠢᠩ ᠱᠠᠬᠠᠢ ᠬᠤᠳᠠᠯᠳᠤᠵᠦ ᠪᠠᠶᠢᠭ᠎ᠠ ᠳᠡᠯᠭᠡᠬᠦᠷ ᠪᠤᠯᠤᠨ ᠨᠡᠶᠢᠭᠡᠮ ᠳᠤᠭᠤᠷᠢᠭ ᠲᠠᠢ ᠵᠢᠯ ᠪᠦᠷᠢ ᠬᠠᠮᠵᠢᠯᠴᠠᠬᠤ ᠬᠠᠷᠢᠴᠠᠭ᠎ᠠ ᠪᠠᠶᠢᠭᠤᠯᠥᠨ᠂ ᠰᠠᠭᠤᠭᠠᠯᠢ ᠠᠷᠠᠳ ᠤᠨ ᠤᠷᠠᠯᠠᠵᠤ ᠪᠦᠳᠥᠭᠡᠭᠰᠡᠨ ᠭᠠᠷ ᠤᠷᠠᠯᠠᠯ ᠤᠨ ᠪᠦᠳᠥᠭᠡᠭᠳᠡᠬᠦᠨ ᠢ ᠨᠢᠭᠡᠳᠥᠯᠳᠡᠢ ᠬᠤᠷᠢᠶᠠᠵᠤ᠂ ᠲᠤᠮᠤ ᠬᠤᠳᠠ ᠶᠢᠨ ᠵᠠᠬ᠎ᠠ ᠳᠡᠯᠭᠡᠬᠦᠷ ᠢᠶᠠᠷ ᠪᠤᠷᠤᠯᠠᠭᠤᠯᠤᠨ ᠤᠷᠤᠯᠭ᠎ᠠ ᠶᠢ ᠨᠢ ᠨᠡᠮᠡᠭᠳᠡᠬᠦᠯᠵᠤ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号