| ᠤᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠢᠶᠠᠨ ᠲᠤᠬᠠᠶ ᠶᠢᠨ ᠭᠠᠵᠠᠷ ᠤᠨ ᠣᠨᠴᠠᠯᠢᠭ | ᠳᠠᠪᠠᠭᠤᠯᠢᠭ ᠲᠠᠢ ᠤᠶᠠᠯᠳᠤᠭᠤᠯᠵᠦ᠂ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ | ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠤᠨ ᠰᠢᠨ᠎ᠠ ᠶᠢ ᠡᠭᠦᠳᠴᠦ᠂ ᠴᠠᠭᠳᠠᠭᠠᠨ ᠤ ᠶᠠᠪᠤᠳᠠᠯ ᠤᠨ | ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠪᠠ᠃ | ᠲᠤᠬᠠᠶᠢᠯᠠᠭᠰᠠᠨ ᠠᠵᠢᠯ ᠤᠨ ᠴᠢᠳᠠᠪᠬᠢ ᠪᠠᠨ ᠪᠠᠳᠠᠷᠠᠭᠤᠯᠤᠨ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ | ᠳᠤᠪᠴᠢᠶ᠎ᠠ ᠶᠢ ᠪᠠᠶᠢᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢ ᠪᠠᠶᠢᠭᠤᠯᠬᠤ ᠪᠠᠷ ᠬᠠᠷᠠᠯᠲᠠ ᠪᠤᠯᠭᠠᠨ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠣᠷᠣᠨ ᠲᠤᠳᠤᠷ᠎ᠠ ᠬᠠᠤᠯᠢ ᠪᠠᠷ ᠬᠡᠷᠡᠭ ᠰᠢᠢᠳᠪᠦᠷᠢᠯᠡᠬᠦ ᠬᠡᠪ | ᠳᠠᠭᠤᠷᠢᠶᠠᠯᠳᠦ ᠬᠠᠮᠢᠶᠠᠷᠤᠯᠲᠠ ᠶᠢᠨ ᠲᠥᠪ ᠢ ᠪᠠᠶᠢᠭᠤᠯᠬᠤ ᠪᠠᠷ ᠴᠢᠷᠮᠠᠶᠢᠵᠦ᠂ ᠪᠦᠬᠦ ᠠᠵᠢᠯ ᠢ ᠨᠢᠭᠡᠳᠦᠯᠲᠡᠶ | ᠲᠥᠯᠥᠪᠵᠢᠭᠦᠯᠬᠦ᠂ ᠪᠥᠬᠦ ᠶᠠᠪᠤᠴᠠ ᠶᠢ ᠬᠠᠮᠢᠶᠠᠷᠤᠨ ᠡᠵᠡᠮᠳᠡᠬᠦ᠂ ᠪᠥᠬᠦ ᠲᠠᠯ᠎ᠠ ᠪᠠᠷ ᠬᠢᠨᠠᠯᠲᠠ ᠲᠠᠯᠪᠢᠨ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠦ᠂ ᠬᠠᠤᠯᠢ ᠬᠡᠷᠡᠭᠵᠢᠭᠦᠯᠵᠦ | ᠬᠡᠷᠡᠭ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠤᠨᠴᠠᠭᠠᠶᠢᠯᠠᠨ | ᠠᠷᠠᠳ ᠤᠨ ᠴᠠᠭᠳᠠᠭ᠎ᠠ ᠶᠠᠯ᠎ᠠ ᠬᠢᠭᠰᠡᠨ ᠡᠳᠡᠭᠡᠳ ᠢ ᠪᠠᠷᠢᠪᠴᠢᠯᠠᠬᠰᠠᠭᠠᠷ ᠲᠡᠷᠡ ᠳᠠᠷᠤᠶ ᠳᠤᠨᠢ ᠳᠠᠩᠰᠠᠯᠠᠬᠤ᠂ ᠮᠡᠳᠡᠭᠡ | ᠵᠠᠩᠭᠢ ᠶᠢ ᠨᠢ ᠴᠤᠭᠯᠠᠭᠤᠯᠬᠤ᠂ ᠪᠡᠶ᠎ᠡ ᠶᠢᠨ ᠪᠠᠶᠢᠴᠠᠭᠠᠯᠲᠠ ᠶᠢᠨ ᠥᠯᠢᠭᠡᠷ ᠠᠪᠬᠤ᠂ ᠠᠰᠠᠭᠤᠬᠤ᠂ ᠬᠠᠮᠢᠶᠠᠷᠬᠤ᠂ | ᠡᠮᠴᠢᠯᠡᠭᠡᠨ ᠤ ᠪᠡᠶ᠎ᠡ ᠶᠢᠨ ᠪᠠᠶᠢᠴᠠᠭᠠᠯᠲᠠ ᠬᠢᠬᠦ᠂ ᠲᠦᠷ ᠬᠤᠷᠢᠬᠤ᠂ ᠮᠠᠲ᠋ᠧᠷᠢᠶᠠᠯ ᠬᠤᠷᠨᠮᠳᠤᠭᠤᠯᠬᠤ ᠵᠡᠷᠭᠡ ᠠᠵᠢᠯ ᠢ | ᠡᠮᠬᠢ ᠵᠢᠷᠤᠮ ᠲᠠᠢ ᠬᠢᠵᠦ᠂ ᠴᠠᠭᠳᠠᠭᠠᠨ ᠤ ᠶᠠᠪᠤᠳᠠᠯ ᠤᠨ ᠰᠢᠨ᠎ᠡ ᠵᠠᠭᠪᠤᠷ ᠢ ᠪᠣᠯᠪᠠᠰᠤᠷᠠᠩᠭᠤᠶ ᠬᠡᠷᠡᠭᠯᠡᠵᠦ ᠴᠢᠳᠠᠪᠠ᠃ | ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠬᠡᠷᠡᠭ ᠰᠢᠢᠳᠪᠦᠷᠢᠯᠡᠬᠦ ᠶᠠᠰᠤ ᠴᠢᠨᠠᠷ ᠪᠠ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠬᠠᠤᠯᠢ ᠴᠠᠭᠠᠵᠠ ᠶᠢᠨ ᠪᠢᠴᠢᠭ ᠬᠠᠷ᠎ᠠ ᠶᠢ | ᠰᠢᠤᠳᠠᠨ ᠢᠶᠠᠷ ᠢᠯᠡᠭᠡᠬᠦ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠦᠨ᠎ᠡ ᠬᠠᠩᠰᠢ ᠶᠢ | ᠮᠠᠭᠠᠳᠯᠠᠨ ᠲᠣᠭᠲᠠᠭᠠᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠮᠵᠢ ᠶᠢ ᠳᠣᠭᠢᠷᠠᠭᠤᠯᠬᠤ ᠶᠢᠨ ᠬᠠᠮᠲᠤ ᠳᠤᠰ | ᠲᠥᠪ ᠪᠠᠰᠠ 24 ᠴᠠᠭ ᠳᠣᠲᠣᠷ᠎ᠠ ᠬᠡᠷᠡᠭ ᠰᠢᠢᠳᠪᠦᠷᠢᠯᠡᠵᠦ ᠪᠠᠶᠢᠭ᠎ᠠ ᠠᠷᠠᠳ ᠤᠨ ᠴᠠᠭᠳᠠᠭ᠎ᠠ ᠳᠤ ᠲᠤᠬᠠᠶᠢᠯᠠᠭᠰᠠᠨ | ᠠᠵᠢᠯ ᠤᠨ ᠦᠢᠯᠡᠴᠢᠯᠡᠭᠡ ᠬᠠᠩᠭᠠᠪᠠ᠃ | ᠦᠨᠳᠦᠰᠦᠨ ᠱᠠᠲᠤᠨ ᠤ ᠴᠠᠭᠳᠠᠭᠠᠨ ᠤ ᠶᠠᠪᠤᠳᠠᠯ ᠢ ᠵᠢᠷᠤᠮᠵᠢᠭᠤᠯᠵᠤ ᠦᠷ᠎ᠠ ᠪᠦᠳᠤᠮᠵᠢ ᠶᠢ ᠨᠢ | ᠳᠡᠭᠡᠭᠰᠢᠯᠡᠬᠦᠯᠪᠡ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠪᠠᠷ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠴᠢᠨ ᠳᠤᠳᠤᠭᠠᠳᠦ ᠶᠢ ᠬᠠᠮᠠᠭᠠᠯᠠᠬᠤ | ᠰᠠᠯᠪᠤᠷᠢ ᠶᠢᠨ ᠬᠢᠨ ︽ᠬᠤᠶᠠᠷ ᠠᠩᠭᠢ ᠨᠢᠭᠡ ᠥᠷᠥᠭᠡ︾ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ | ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠣᠬᠢᠯᠲᠠ ᠥᠭᠬᠦ᠂ ᠰᠡᠷᠭᠡᠶᠢᠯᠡᠬᠦ᠂ | ᠬᠠᠮᠢᠶᠠᠷᠬᠤ᠂ ᠡᠵᠡᠮᠳᠡᠬᠦ᠂ ᠦᠢᠯᠡᠴᠢᠯᠡᠬᠦ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠵᠣᠯ ᠵᠢᠷᠭᠠᠯᠳᠦ ᠲᠦᠷᠦᠭᠳᠡᠯ᠂ ᠬᠦᠷᠲᠡᠮᠵᠢ ᠶᠢᠨ | ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠪᠡ᠃ ᠲᠡᠳᠡ ᠪᠠᠰᠠ ᠴᠠᠭᠳᠠᠭᠠᠨ ᠤ ᠰᠠᠯᠠᠭ᠎ᠠ | ᠳᠠᠰᠤᠬ ᠢᠶᠠᠨ ᠰᠠᠶᠢᠳᠤᠷ ᠲᠤᠬᠢᠷᠠᠭᠤᠯᠵᠦ᠂ ᠶᠡᠷᠦᠩᠬᠡᠶᠢᠯᠡᠨ ᠵᠢᠯᠣᠭᠤᠳᠬᠤ ᠲᠥᠪ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠰᠤᠳᠤᠯᠤᠨ ᠮᠠᠭᠠᠳᠯᠠᠬᠤ ᠪᠠ ᠥᠨᠳᠥᠷ ᠪᠦᠲᠦᠮᠵᠢᠲᠡᠶ | ᠵᠢᠯᠣᠭᠤᠳᠤᠨ ᠲᠣᠬᠢᠷᠠᠭᠤᠯᠬᠤ ᠶᠢ ᠦᠨᠡᠨᠬᠦ ᠪᠡᠶᠡᠯᠡᠭᠦᠯᠵᠦ᠂ ︽ᠬᠤᠶᠠᠷ ᠠᠩᠭᠢ ᠨᠢᠭᠡ ᠥᠷᠥᠭᠡ︾ ᠶᠢᠨ ᠴᠠᠭᠳᠠᠭᠠᠨ ᠤ | ᠠᠵᠢᠯᠯᠠᠭᠠᠨ ᠢᠶᠠᠨ ᠲᠦᠷᠢᠮᠵᠢᠭᠦᠯᠵᠠᠢ᠃ ᠬᠤᠷᠴᠢᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠬᠢᠨ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠦᠢᠯᠡᠳᠦᠯ ᠴᠢᠳᠠᠪᠬᠢ ᠪᠠᠨ ᠴᠢᠩᠭᠠᠷᠠᠭᠤᠯᠵᠦ᠂ ᠣᠲᠣᠬᠠᠨ ᠪᠣᠯᠲᠠᠯ᠎ᠠ 89 | ᠬᠡᠷᠡᠭ ᠢ ᠢᠯᠡᠷᠡᠭᠦᠯᠵᠦ᠂ ᠬᠡᠷᠡᠭ ᠢ ᠢᠯᠡᠷᠡᠭᠦᠯᠦᠭᠰᠡᠨ ᠨᠣᠷᠮ᠎ᠠ ᠶᠢ ᠠᠳᠠᠯᠢ ᠬᠤᠭᠤᠴᠠᠭᠠᠨ ᠤ ᠬᠢ ᠠᠴᠠ 15% ᠪᠠᠷ | ᠨᠡᠮᠡᠭᠳᠡᠭᠦᠯᠦᠭᠰᠡᠨ ᠪᠠᠶᠢᠨ᠎ᠠ᠃ ᠬᠤᠷᠴᠢᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠬᠠᠷᠢᠶ᠎ᠠ ᠣᠷᠣᠨ ᠤ ᠪᠠᠨ ᠪᠣᠳᠠᠲᠠᠶ | ᠪᠠᠶᠢᠳᠠᠯ ᠳᠤ ᠴᠢᠭᠯᠡᠭᠦᠯᠦᠨ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ ᠲᠤᠰᠬᠠᠶ ᠲᠤᠰᠢᠶᠠᠯᠲᠤ ᠳᠤᠰᠠᠯᠠᠬᠤ | ᠴᠠᠭᠳᠠᠭ᠎ᠠ᠂ ᠨᠡᠶᠢᠭᠡᠮ ᠲᠣᠭᠤᠷᠢᠭ ᠤᠨ ᠺᠠᠳ᠋ᠷ ᠵᠡᠷᠭᠡ ᠪᠠᠷ ᠭᠤᠤᠯ ᠬᠦᠴᠦᠨ ᠪᠣᠯᠭᠠᠭᠰᠠᠨ ᠨᠡᠶᠢᠭᠡᠮ ᠲᠣᠭᠤᠷᠢᠭ ᠤᠨ | ᠴᠠᠭᠳᠠᠭᠠᠨ ᠤ ᠶᠠᠪᠤᠳᠠᠯ ᠤᠨ ᠪᠦᠯᠬᠦᠮ ᠢ ᠪᠠᠶᠢᠭᠤᠯᠵᠤ᠂ ᠣᠯᠠᠨ ᠲᠦᠮᠡᠨ ᠢ ᠲᠠᠶᠢᠴᠢᠯᠠᠨ᠂ ᠣᠯᠠᠨ ᠲᠦᠮᠡᠨ ᠳᠤ | ᠲᠦᠰᠢᠭᠯᠡᠵᠦ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠲᠠᠰᠤᠭ ᠤᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠵᠢᠷᠤᠮᠵᠢᠭᠤᠯᠵᠤ ᠣᠯᠠᠨ ᠲᠦᠮᠡᠨ ᠳᠤ ᠦᠢᠯᠡᠴᠢᠯᠡᠬᠦ ︽ᠬᠠᠮᠤᠬ | ᠡᠴᠦᠰ ᠤᠨ ᠨᠢᠭᠡ ᠺᠢᠯᠣᠮᠧᠲᠷ︾ ᠢ ᠨᠡᠪᠳᠡᠷᠡᠬᠦᠯᠪᠡ᠃ ᠣᠶᠢᠷ᠎ᠠ ᠳᠤ᠂ ᠪᠤᠰᠤᠳ ᠮᠤᠵᠢ ᠣᠷᠣᠨ ᠠᠴᠠ ᠢᠷᠡᠭᠰᠡᠨ | ᠵᠢᠭᠤᠯᠴᠢᠯᠠᠬᠴᠢ ᠸᠠᠩ ᠣᠪᠣᠭᠲᠤ ᠵᠢᠯᠣᠭᠤᠴᠢ ᠶᠢᠨ ᠦᠨᠡᠮᠯᠡᠯ ᠢᠶᠠᠨ ᠭᠡᠭᠡᠭᠰᠡᠨ ᠠᠴᠠ ᠶᠠᠪᠤᠵᠦ ᠰᠠᠭᠤᠬᠤ ᠶᠢᠨ ᠠᠷᠭ᠎ᠠ | ᠦᠭᠡᠢ ᠪᠤᠯᠪᠠ᠃ ᠳᠡᠷᠡ ᠳ᠋ᠠᠱᠢᠵᠠᠢ ᠳᠤᠳᠤᠭᠠᠳᠦ ᠶᠢ ᠬᠠᠮᠠᠭᠠᠯᠠᠬᠤ ᠰᠠᠯᠪᠤᠷᠢ ᠳᠤ ︽ᠨᠢᠭᠡ ᠥᠷᠲᠡᠭᠡ ᠮᠠᠶ᠋ᠢᠭ︾ ᠤᠨ | ᠦᠢᠯᠡᠴᠢᠯᠡᠭᠡ ᠪᠠᠶᠢᠬᠤ ᠶᠢ ᠪᠤᠰᠤᠳ ᠠᠴᠠ ᠤᠯᠵᠦ ᠮᠡᠳᠡᠭᠡᠳ ᠬᠦᠷᠴᠦ ᠤᠴᠢᠬᠰᠠᠨ ᠪᠠᠶᠢᠨ᠎ᠠ᠃ ᠳ᠋ᠠᠱᠢᠵᠠᠢ | ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠠᠷᠠᠳ ᠤᠨ ᠴᠠᠬᠳᠠᠭ᠎ᠠ ᠸᠠᠩ ᠣᠪᠣᠭᠲᠤ ᠶᠢᠨ ᠪᠣᠳᠠᠲᠠᠶ ᠪᠠᠶᠢᠳᠠᠯ ᠢ | ᠣᠶᠢᠯᠠᠭᠠᠭᠰᠠᠨ ᠤ ᠳᠠᠷᠠᠭ᠎ᠠ ︽ᠨᠢᠭᠡ ᠥᠷᠲᠡᠭᠡ ᠮᠠᠶ᠋ᠢᠭ︾ ᠤᠨ ᠲᠥᠬᠦᠭᠡᠷᠦᠮᠵᠢ ᠪᠠᠷ ᠸᠠᠩ ᠤᠪᠤᠬᠳᠦ ᠶᠢᠨ | ᠵᠢᠯᠣᠭᠤᠴᠢ ᠶᠢᠨ ᠦᠨᠡᠮᠯᠡᠯ ᠢ ᠲᠠᠪᠤᠬᠠᠨ ᠮᠢᠨᠦ᠋ᠲ ᠳᠣᠲᠣᠷ᠎ᠠ ᠨᠥᠬᠦᠨ ᠬᠦᠢᠴᠡᠳᠭᠡᠵᠦ ᠦᠭᠪᠡ᠃ | ︽ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠭᠡᠵᠦ᠂ ᠨᠢᠭᠡ ᠴᠣᠩᠬᠤᠪᠴᠢ ᠪᠠᠷ ᠪᠦᠬᠦᠨ ᠢ ᠰᠢᠢᠳᠪᠦᠷᠢᠯᠡᠬᠦ︾ | ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠬᠤ ᠪᠠᠷ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠢᠭᠡ ᠶᠠᠪᠤᠳᠠᠯ ᠢ ᠥᠨᠳᠥᠷ | ᠪᠦᠲᠦᠮᠵᠢᠲᠡᠢ ᠭᠦᠢᠴᠡᠳᠭᠡᠬᠦ︾ ᠶᠢ ᠪᠠᠷᠢᠮᠳᠠᠯᠠᠵᠦ᠂ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ︽ᠨᠢᠭᠡ ᠥᠷᠲᠡᠭᠡ | ᠮᠠᠶ᠋ᠢᠭ︾ ᠤᠨ ᠦᠢᠯᠡᠴᠢᠯᠡᠭᠡᠨ ᠤ ᠠᠷᠭ᠎ᠠ ᠶᠢ ᠳᠤᠳᠤᠭᠠᠳᠦ ᠶᠢ ᠬᠠᠮᠠᠭᠠᠯᠠᠬᠤ 7 ᠰᠠᠯᠪᠤᠷᠢ ᠳᠤ ᠬᠡᠷᠡᠭᠵᠢᠭᠦᠯᠵᠦ | ᠪᠠᠶᠢᠬᠰᠠᠨ ᠠᠴᠠ ᠪᠠᠨ ᠤᠳᠤ ᠦᠨᠳᠦᠰᠦᠨ ᠱᠠᠲᠤᠨ ᠤ ᠳᠤᠳᠤᠭᠠᠳᠦ ᠶᠢ ᠬᠠᠮᠠᠭᠠᠯᠠᠬᠤ 13 ᠰᠠᠯᠪᠤᠷᠢ ᠳᠤ | ᠬᠡᠷᠡᠭᠵᠢᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ᠂ ᠡᠷᠦᠬᠡ | ᠠᠮᠠ ᠶᠢᠨ ᠳᠠᠩᠰᠠ᠂ ᠵᠢᠯᠣᠭᠤᠴᠢ ᠶᠢᠨ ᠬᠠᠮᠢᠶᠠᠷᠤᠯᠲᠠ ᠵᠡᠷᠭᠡ 167 ᠵᠦᠢᠯ ᠤᠨ ᠲᠤᠬᠠᠶᠢᠯᠠᠭᠰᠠᠨ ᠠᠵᠢᠯ ᠳᠤ ︽ | ᠨᠢᠬᠡ ᠦᠷᠳᠡᠭᠡ ᠮᠠᠶ᠋ᠢᠭ︾ ᠤᠨ ᠦᠢᠯᠡᠴᠢᠯᠡᠭᠡᠨ ᠬᠠᠩᠭᠠᠵᠦ ᠪᠠᠶᠢᠨ᠎ᠠ᠃ ᠵᠢᠯᠣᠭᠤᠴᠢ ᠶᠢᠨ ᠪᠡᠶ᠎ᠡ ᠶᠢᠨ | ᠪᠠᠶᠢᠴᠠᠭᠠᠯᠲᠠ ᠶᠢᠨ ᠲᠠᠰᠤᠭ ᠲᠤᠬᠢᠷᠠᠭᠤᠯᠵᠦ᠂ ᠪᠡᠶ᠎ᠡ ᠶᠢᠨ ᠪᠠᠶᠢᠴᠠᠭᠠᠯᠲᠠ ᠶᠢᠨ ᠠᠦ᠋ᠲ᠋ᠣ᠋ ᠮᠠᠰᠢᠨ ᠢ ᠢᠵᠢ | ᠪᠦᠷᠢᠳᠦᠭᠦᠯᠦᠨ᠂ ︽ᠲᠦᠷᠭᠡᠨ ᠭᠦᠢᠴᠡᠳᠭᠡᠬᠦ︾᠂ ︽ᠲᠥᠬᠦᠮ ᠦᠵᠡᠭᠦᠯᠬᠦ︾᠂ ︽ᠠᠯᠠᠭᠠᠨ ᠳᠡᠭᠡᠷᠡᠬᠢ | ᠭᠦᠢᠴᠡᠳᠭᠡᠬᠦ ᠳᠠᠪᠴᠠᠩ︾ ᠵᠡᠷᠭᠡ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠰᠢᠨ᠎ᠡ ᠶᠢ ᠡᠭᠦᠳᠴᠦ᠂ | ᠠᠷᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ ᠠᠵᠤ ᠠᠬᠤᠶᠢᠯᠠᠯ ᠳᠤ ᠬᠠᠮᠤᠭ ᠰᠠᠶᠢᠨ ᠠᠰᠢᠭ | ᠬᠦᠷᠲᠡᠭᠡᠪᠡ᠃ ᠪᠠᠰᠠ ︽ᠴᠠᠭᠳᠠᠭ᠎ᠠ ᠶᠢᠨ ᠲᠦᠷᠤᠯ ᠬᠤᠪᠢᠶᠠᠬᠤ ᠦᠭᠡᠢ᠂ ᠣᠷᠣᠨ ᠪᠦᠰᠡ ᠬᠤᠪᠢᠶᠠᠬᠤ ᠥᠬᠡᠶ᠂ | ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠦᠨᠡᠨᠬᠦ ᠪᠡᠶᠡᠯᠡᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠣᠯᠠᠨ | ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠶᠢ ᠣᠶᠢᠷ᠎ᠠ ᠬᠠᠪᠢ ᠳᠠᠭᠠᠨ ᠭᠦᠢᠴᠡᠳᠭᠡᠬᠦ᠂ ᠲᠦᠷᠭᠡᠨ ᠭᠦᠢᠴᠡᠳᠭᠡᠬᠦ ᠦᠢᠯᠡᠴᠢᠯᠡᠭᠡᠨ ᠤ | ᠵᠣᠷᠢᠯᠲᠠ ᠳᠠᠭᠠᠨ ᠬᠦᠷᠴᠦ ᠴᠢᠳᠠᠭᠰᠠᠨ ᠪᠠᠶᠢᠨ᠎ᠠ᠃ | ︵ᠵᠤᠤ ᠴᠦᠨ ᠽᠤ᠋ ᡁᠢ ᠮᠢᠨ︶ |