| ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠪᠥᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠶᠤᠯᠭᠦᠶ | ᠦᠢᠯᠡᠳᠪᠤᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ | ᠠᠷᠭᠠᠴᠠᠭᠠᠬᠤ ᠪᠠ ᠭᠠᠮᠰᠢᠭ ᠠᠴᠠ ᠰᠡᠷᠭᠡᠶᠢᠯᠡᠵᠤ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠢ | ᠵᠢᠯᠣᠭᠤᠳᠤᠨ᠎ᠠ᠃ ᠠᠶᠤᠯᠭᠦᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠬᠠᠮᠢᠶ᠎ᠠ ᠪᠦᠬᠦᠢ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠰᠢᠰᠲ᠋ᠧᠮ ᠤᠨ ᠪᠠᠶᠢᠭᠤᠯᠤᠯᠲᠠ᠂ ᠠᠶᠤᠯᠭᠦᠢ ᠦᠢᠯᠡᠳᠪᠤᠷᠢᠯᠡᠯ ᠪᠠ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠵᠤ᠂ ᠬᠠᠮᠢᠶ᠎ᠠ ᠪᠥᠬᠦᠶ ᠲᠦᠷᠢᠮ ᠲᠣᠭᠲᠠᠭᠠᠯ ᠪᠠ ᠪᠠᠷᠢᠮᠵᠢᠶ᠎ᠠ ᠶᠢ | ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ | ︵ᠭᠤᠷᠪᠠ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠰᠲ᠋ᠧᠮ ᠤᠨ | ᠪᠠᠶᠢᠭᠤᠯᠤᠯᠲᠠ ᠶᠢ ᠵᠢᠯᠣᠭᠤᠳᠴᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡ᠊ᠨᠳᠡᠯ ᠤᠨ ᠭᠠᠮᠰᠢᠭ ᠪᠠ | ᠪᠠᠶᠢᠭᠠᠯᠢ ᠶᠢᠨ ᠭᠠᠮᠰᠢᠭ ᠢ ᠲᠠᠰ ᠬᠤᠪᠢᠶᠠᠨ ᠠᠷᠭᠠᠴᠠᠭᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠠ | ᠠᠶᠤᠯᠭᠦᠶ ᠦᠢᠯᠡᠳᠪᠤᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ | ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ | ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ | ᠵᠠᠶᠢᠯᠠᠬᠤ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠳᠥᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠮᠡᠳᠡᠭᠡ ᠵᠠᠩᠭᠢ ᠳᠠᠮᠵᠢᠭᠤᠯᠬᠤ ᠠᠷᠭ᠎ᠠ | ᠵᠠᠮ ᠤᠨ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠶᠢᠨ ᠠᠵᠢᠯ ᠢ ᠲᠦᠷᠦᠭᠦᠯᠡᠨ ᠪᠠᠶᠢᠭᠤᠯᠵᠤ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ | ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ | ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠶᠢᠳᠠᠯ ᠢ | ᠬᠠᠤᠯᠢ ᠶᠣᠰᠣᠭᠠᠷ ᠨᠡᠶᠢᠲᠡᠯᠡᠨ᠎ᠡ᠃ | ︵ᠲᠠᠪᠤ︶ ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ | ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠬᠤ᠂ ᠪᠥᠬᠦ ᠬᠤᠰᠢᠭᠤᠨ ᠤ ᠡᠩ ᠤᠨ ᠭᠠᠮᠰᠢᠭ ᠢ ᠠᠷᠭᠠᠴᠠᠭᠠᠬᠤ | ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ | ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠤ᠂ ᠳᠡᠭᠡᠳᠦ ᠱᠠᠲᠤ ᠪᠠ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠵᠤ ᠲᠣᠭᠲᠠᠭᠠᠭᠰᠠᠨ ᠬᠠᠷᠢᠭᠤᠴᠠᠯᠭᠠᠲᠠᠨ ᠢ | ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠰᠢᠭᠤᠨ ᠤ ᠡᠯ᠎ᠡ ᠲᠥᠷᠥᠯ ᠤᠨ ᠪᠠᠴᠢᠮ | ᠪᠠᠶᠢᠳᠠᠯ ᠢ ᠠᠷᠭᠠᠴᠠᠭᠠᠬᠤ ᠲᠤᠰᠬᠠᠶ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠭᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ | ᠵᠢᠯᠣᠭᠤᠳᠬᠤ ᠲᠠᠪᠴᠠᠩ ᠤᠨ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠡᠩᠨᠡᠭᠡ ᠶᠢ ᠵᠣᠯᠭᠠᠭᠤᠯᠬᠤ ᠶᠢ ᠠᠬᠢᠭᠤᠯᠵᠤ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠵᠣ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ | ᠠᠬᠢᠭᠤᠯᠤᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ | ᠶᠣᠰᠣᠭᠠᠷ ᠭᠠᠯ ᠤᠨᠲᠠᠷᠠᠭᠠᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ | ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠬᠠᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ | ᠭᠠᠮᠰᠢᠭ ᠢ ᠠᠪᠤᠷᠠᠨ ᠲᠤᠰᠠᠯᠠᠬᠤ᠂ ᠦᠢᠯᠡᠳᠪᠤᠷᠢᠯᠡᠯ ᠤᠨ ᠠᠮᠤᠷ ᠲᠦᠪᠰᠢᠨ ᠤ ᠡ᠊ᠨᠳᠡᠯ ᠢ ᠠᠪᠤᠷᠠᠨ ᠲᠤᠰᠠᠯᠠᠬᠤ ᠵᠡᠷᠭᠡ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠵᠣᠬᠢᠴᠠᠭᠤᠯᠵᠤ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠵᠢᠴᠢ ᠨᠡᠶᠢᠭᠡᠮ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ︵ᠳᠣᠯᠤᠭ᠎ᠠ︶ ᠡᠷᠬᠡ ᠮᠡᠳᠡᠯ ᠤᠨ ᠬᠡᠪᠴᠢᠶ᠎ᠡ ᠪᠠᠷ ᠪᠥᠬᠦ ᠬᠤᠰᠢᠭᠤᠨ ᠤ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠳᠤ ᠬᠢᠨᠠᠯᠲᠠ ᠲᠠᠯᠪᠢᠬᠤ᠂ ᠭᠠᠯ ᠤᠨ ᠭᠠᠮᠰᠢᠭ ᠢ ᠰᠡᠷᠭᠡᠶᠢᠯᠡᠬᠦ᠂ ᠭᠠᠯ ᠢ ᠤᠨᠲᠠᠷᠠᠭᠠᠨ ᠠᠪᠤᠷᠬᠠᠤ ᠵᠡᠷᠭᠡ | ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠨᠠᠢᠮᠠ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ᠂ | ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠢ ᠵᠣᠬᠢᠴᠠᠭᠤᠯᠤᠨ ᠵᠢᠯᠣᠭᠤᠳᠴᠤ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ | ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠦᠭᠰᠡᠨ ᠬᠤᠬᠢᠷᠠᠯ ᠢ ᠦᠨᠡᠯᠡᠨ ᠵᠢᠱᠢᠬᠦ᠂ | ᠭᠠᠮᠰᠢᠭ ᠠᠴᠠ ᠠᠪᠤᠷᠠᠵᠤ ᠬᠠᠨᠳᠢᠪᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠳᠡᠭᠡᠳᠦ | ᠱᠠᠲᠤᠨ ᠤ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ ᠬᠤᠪᠢᠶᠠᠷᠢᠯᠠᠬᠤ ᠶᠢᠨ ᠬᠠᠮᠲᠤ | ᠬᠡᠷᠡᠭᠯᠡᠬᠦ ᠳᠤ ᠬᠢᠨᠠᠯᠲᠠ ᠲᠠᠯᠪᠢᠨ᠎ᠠ᠃ | ︵ᠠᠷᠪᠠ︶ ᠪᠥᠬᠦ ᠬᠤᠰᠢᠭᠤᠨ ᠤ ᠠᠶᠤᠯᠭᠦᠢ ᠦᠢᠯᠡᠳᠪᠤᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠬᠤᠰᠢᠭᠤᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠤ | ᠠᠶᠤᠯᠭᠦᠢ ᠦᠢᠯᠡᠳᠪᠤᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠬᠤ ᠶᠢᠨ ᠬᠠᠮᠲᠤ ᠬᠢᠨᠠᠨ ᠪᠠᠶᠢᠴᠠᠭᠠᠵᠤ᠂ | ᠠᠶᠤᠯᠭᠦᠢ ᠦᠢᠯᠡᠳᠪᠤᠷᠢᠯᠡᠯ ᠤᠨ ᠬᠢᠨᠠᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠠᠷᠪᠠᠨ ᠨᠢᠭᠡ︶ ᠱᠠᠳᠤ ᠬᠤᠪᠢᠶᠠᠬᠤ ᠵᠠᠷᠴᠢᠮ ᠤᠨ ᠶᠣᠰᠣᠭᠠᠷ᠂ ᠬᠠᠷᠢᠶ᠎ᠠ ᠭᠠᠵᠠᠷ ᠲᠤᠨᠢ ᠬᠢᠨᠠᠨ | ᠬᠠᠮᠢᠶᠠᠷᠤᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶ᠎ᠠ ᠵᠢᠴᠢ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠤᠷᠢᠯᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯᠭᠦᠢ ᠦᠢᠯᠡᠳᠪᠤᠷᠢᠯᠡᠯ ᠤᠨ | ᠨᠥᠬᠦᠴᠡᠯ ᠪᠣᠯᠤᠨ ᠬᠤᠯᠪᠣᠭᠳᠠᠯ ᠪᠥᠬᠦᠢ ᠲᠥᠬᠦᠭᠡᠷᠦᠮᠵᠢ ︵ᠣᠨᠴᠠ ᠲᠥᠷᠥᠯ ᠤᠨ ᠲᠤᠨᠤᠭ ᠲᠥᠬᠦᠭᠡᠷᠦᠮᠵᠢ ᠠᠴᠠ | ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯᠭᠦᠢ ᠦᠢᠯᠡᠳᠪᠤᠷᠢᠯᠡᠯ ᠤᠨ | ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠶ | ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ | ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ | ᠫᠤᠤᠵᠢᠩ ᠬᠤᠸᠠᠷ ᠫᠤᠤᠵᠢᠩ ᠤᠨ ᠠᠶᠤᠯᠭᠦᠢ ᠦᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠠᠷᠪᠠᠨ ᠬᠤᠶᠠᠷ︶ ᠪᠥᠬᠦ ᠬᠤᠰᠢᠭᠤᠨ ᠤ ᠦᠢᠯᠡᠳᠪᠤᠷᠢᠯᠡᠯ ᠤᠨ ᠠᠮᠤᠷ ᠲᠦᠪᠰᠢᠨ ᠤ ᠡ᠊ᠨᠳᠡᠯ ᠢ ᠪᠠᠶᠢᠴᠠᠭᠠᠨ | ᠰᠢᠢᠳᠪᠤᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠡ᠊ᠨᠳᠡᠯ ᠢ ᠪᠠᠶᠢᠴᠠᠭᠠᠨ ᠰᠢᠢᠳᠪᠤᠷᠢᠯᠡᠬᠦ | ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠬᠤ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ | ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠠᠷᠪᠠᠨ ᠭᠤᠷᠪᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ | ᠪᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠠᠮᠤ ᠪᠤᠳᠠᠭ᠎ᠠ ᠪᠠ ᠡᠳ᠋ | ᠪᠣᠳᠠᠰ ᠤᠨ ᠨᠥᠭᠡᠴᠡᠯᠡᠯᠲᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ᠭᠠᠮᠰᠢᠭ ᠠᠴᠠ ᠠᠪᠤᠷᠠᠬᠤ ᠳᠠᠭᠠᠨ ᠨᠢᠭᠡᠳᠦᠯᠲᠡᠶ ᠳᠣᠭᠢᠷᠠᠭᠤᠯᠤᠨ᠎ᠠ᠃ | ︵ᠠᠷᠪᠠᠨ ᠳᠥᠷᠪᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ | ᠦᠢᠯᠡᠳᠪᠤᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠤᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ᠂ | ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠡᠭᠦᠷᠭᠡ ᠴᠢᠳᠠᠪᠬᠢ ᠶᠢ ᠬᠤᠪᠢᠷᠠᠭᠤᠯᠤᠨ᠎ᠠ᠃ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠶᠢ ᠰᠢᠯᠢᠳᠡᠭᠵᠢᠭᠦᠯᠦᠨ ᠨᠢᠭᠡᠳᠦᠯᠲᠡᠶ ᠲᠥᠯᠥᠪᠯᠡᠬᠦ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠶ | ᠤᠳᠤᠷᠢᠳᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠡᠷᠬᠡ ᠰᠦᠷ ᠲᠠᠢ ᠥᠨᠳᠥᠷ ᠪᠦᠲᠦᠮᠵᠢᠲᠡᠶ ᠪᠥᠬᠦ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠰᠢᠰᠲ᠋ᠧᠮ ᠢ ᠪᠠᠶᠢᠭᠤᠯᠵᠤ᠂ ᠨᠢᠭᠡᠳᠦᠯᠲᠡᠶ | ᠵᠢᠯᠣᠭᠤᠳᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠳᠤᠮᠳᠠᠳᠤ ᠤᠯᠤᠰ ᠤᠨ ᠣᠨᠴᠠᠯᠢᠭ ᠲᠠᠢ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ | ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ | ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠯᠲᠠ ᠶᠢ | ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ | ᠬᠤᠪᠢᠷᠠᠭᠤᠯᠬᠤ᠂ ᠭᠠᠭᠴᠠ ᠭᠠᠮᠰᠢᠭ ᠤᠨ ᠲᠦᠷᠦᠯ ᠢ ᠠᠷᠭᠠᠴᠠᠭᠠᠵᠤ ᠪᠠᠶᠢᠭᠰᠠᠨ ᠠᠴᠠ ᠭᠠᠮᠰᠢᠭ ᠢ ᠶᠡᠷᠦᠩᠬᠡᠶᠢᠯᠡᠨ | ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ | ᠠᠶᠤᠯ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠪᠤᠷᠠᠨ ᠲᠤᠰᠠᠯᠠᠬᠤ | ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠬᠦᠨᠳᠦ ᠲᠤᠮᠤ ᠣᠨᠴᠠ ᠶᠡᠭᠡ ᠠᠮᠤᠷ ᠲᠦᠪᠰᠢᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠶᠠᠷ ᠲᠤ ᠬᠥᠮᠦᠨ ᠢᠶᠠᠷ ᠦᠨᠳᠦᠰᠦ ᠪᠣᠯᠭᠠᠬᠤ ᠶᠢ | ᠪᠠᠷᠢᠮᠲᠠᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ | ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ᠂ ᠤᠯᠠᠨ ᠨᠡᠶᠢᠲᠡ ᠶᠢᠨ ᠮᠡᠳᠡᠯᠭᠡ ᠶᠢ | ᠲᠦᠭᠡᠮᠡᠯᠵᠢᠭᠦᠯᠦᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ | ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ | ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ | ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠲᠡᠭᠦᠯᠳᠡᠷᠵᠢᠭᠦᠯᠵᠦ᠂ ᠬᠦᠨᠳᠦ ᠲᠤᠮᠤ ᠣᠨᠴᠠ ᠶᠡᠭᠡ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ | ᠬᠤᠷᠢᠭᠯᠠᠨ᠎ᠠ᠃ |