ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠡᠭᠡᠵᠢᠩ ᠤᠨ ᠳ᠋ᠢ ᠢ ᠶᠤᠸᠠᠨ ᠰᠤ᠋ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠬᠢᠵᠡᠢ
ᠨᠡᠶᠢᠲᠡᠯᠡᠭᠰᠡᠨ ᠴᠠᠭ᠄
2024/10/8
     ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠡᠭᠡᠵᠢᠩ ᠤᠨ ᠳ᠋ᠢ ᠢ ᠶᠤᠸᠠᠨ ᠰᠤ᠋ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠦᠰᠦᠭ ᠵᠢᠷᠤᠪᠠ᠃ ᠠᠶᠢᠮᠠᠭ ᠤᠨ ᠵᠠᠬᠢᠷᠭ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠨᠡᠶᠢᠭᠡᠮᠯᠢᠭ ᠤᠨ ᠳᠠᠷᠤᠭ᠎ᠠ ᠴᠧᠨ ᠴᠢᠤᠸᠠᠨ ᠫᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠪᠡᠭᠡᠵᠢᠩ ᠤᠨ ᠳ᠋ᠢ ᠢ ᠶᠤᠸᠠᠨ ᠰᠤ᠋ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠧᠩ ᠵᠢᠶᠠᠨ ᠴᠢᠩ ᠵᠡᠷᠭᠡ ᠬᠤᠶᠠᠷ ᠲᠠᠯ᠎ᠠ ᠶᠢᠨ ᠤᠳᠤᠷᠢᠳᠤᠯᠭ᠎ᠠ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃      ᠪᠡᠭᠡᠵᠢᠩ ᠤᠨ ᠳ᠋ᠢ ᠢ ᠶᠤᠸᠠᠨ ᠰᠤ᠋ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠲ᠋ᠣᠺ ᠡᠵᠡᠮᠳᠡᠭᠰᠡᠨ ᠬᠤᠪᠢᠶᠠᠷᠢ ᠺᠣᠮᠫᠠᠨᠢ ᠪᠣᠯᠤᠨ᠎ᠠ᠂ ᠤᠯᠤᠰ ᠤᠨ ᠳᠣᠲᠣᠭᠠᠳᠤ ᠳᠤ ᠬᠠᠮᠤᠭ ᠤᠨ ᠡᠷᠲᠡ ᠪᠣᠬᠢᠷᠲᠤᠯ ᠦᠭᠡᠢ ᠤᠰᠤᠲᠥ᠋ᠷᠥᠭᠴᠢ ᠶᠢᠨ ᠡᠨᠧᠷᠭᠢ ᠶᠢᠨ ᠮᠡᠷᠭᠡᠵᠢᠯ ᠤᠨ ᠰᠤᠳᠤᠯᠭᠠᠨ ᠪᠠ ᠦᠢᠯᠡᠳᠬᠦᠨ ᠢ ᠨᠡᠭᠡᠭᠡᠨ ᠬᠥᠭᠵᠢᠭᠦᠯᠵᠦ᠂ ᠳᠤᠮᠳᠠᠳᠤ ᠤᠯᠤᠰ ᠤᠨ ᠪᠣᠬᠢᠷᠲᠤᠯ ᠦᠭᠡᠢ ᠤᠰᠤᠲᠥ᠋ᠷᠥᠭᠴᠢ ᠶᠢᠨ ᠦᠢᠯᠡᠰ ᠢ ᠰᠠᠶᠢᠳᠦᠷ ᠬᠦᠭᠵᠢᠭᠦᠯᠵᠤ ᠪᠤᠢ᠃ ᠬᠤᠷᠠᠯ ᠳᠡᠭᠡᠷ᠎ᠡ᠂ ᠳ᠋ᠧᠩ ᠵᠢᠶᠠᠨ ᠴᠢᠩ ᠲᠣᠰ ᠤᠳᠠᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠭᠠᠷ ᠬᠤᠯᠪᠣᠨ ᠬᠠᠮᠲᠤᠷᠠᠯᠴᠠᠬᠤ ᠴᠢᠭᠯᠡᠯ ᠪᠠ ᠠᠭᠤᠯᠭ᠎ᠠ ᠶᠢᠨ ᠲᠣᠭᠤᠷᠢᠨ ᠳᠤ ᠲᠣᠪᠴᠢ ᠲᠠᠨᠢᠯᠴᠠᠭᠤᠯᠤᠭᠰᠠᠨ ᠪᠥᠭᠡᠳ ᠲᠣᠰ ᠤᠳᠠᠭᠠᠨ ᠤ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠢᠲᠡᠭᠡᠯ ᠳᠦᠭᠦᠷᠡᠩ ᠪᠠᠶᠢᠨ᠎ᠠ ᠭᠡᠵᠡᠢ᠃      ᠯᠢᠦ ᠬᠠᠶ ᠲᠤᠤ᠂ ᠤᠰᠤᠲᠥ᠋ᠷᠥᠭᠴᠢ ᠡᠨᠧᠷᠭᠢ ᠶᠢᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠥᠷᠭᠡᠨ ᠪᠠᠶᠢᠵᠤ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠪᠠᠷᠢᠯᠭ᠎ᠠ᠂ ᠰᠠᠨᠰᠠᠷ ᠤᠨ ᠠᠶᠠᠯᠠᠯ ᠵᠡᠷᠭᠡ ᠣᠯᠠᠨ ᠬᠦᠷᠢᠶᠡᠨ ᠳᠤ ᠬᠡᠷᠡᠭᠯᠡᠵᠦ ᠪᠣᠯᠤᠨ᠎ᠠ᠂ ᠲᠣᠰ ᠤᠳᠠᠭᠠᠨ ᠤ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠥᠬᠡᠶ ᠠᠵᠠ ᠲᠣᠬᠢᠶᠠᠯ ᠣᠯᠭᠤᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠴᠢᠨᠠᠷ ᠰᠠᠶᠢᠲᠠᠶ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠤ ᠢᠯᠡᠷᠬᠡᠶᠢᠯᠡᠪᠡ᠃      ᠳᠠᠷᠠᠭ᠎ᠠ ᠨᠢ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠦᠰᠦᠭ ᠵᠢᠷᠤᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号