ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/8
      ᠤᠶᠢᠷ᠎ᠠ ᠳᠤ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠦ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 123 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠪᠤᠰᠤᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠨᠠᠷ ᠬᠤᠷᠠᠯ ᠳᠤ ᠰᠤᠯᠠ ᠣᠷᠣᠯᠴᠠᠵᠠᠶ᠃      ᠬᠤᠷᠠᠯ ᠠᠴᠠ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠠᠷᠢᠭᠤ ᠮᠡᠳᠡᠭᠦᠯᠦᠯᠲᠡ᠂ 2023 ᠣᠨ ᠤ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠢᠨ ᠦᠨᠡᠯᠡᠯᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ᠂ 2024 ᠣᠨ ᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠵᠢᠴᠢ ᠡᠯ᠎ᠡ ᠲᠤᠰᠬᠠᠶ ᠳᠤᠭᠤᠶᠢᠯᠠᠩ᠂ ᠡᠯ᠎ᠡ ᠪᠦᠷᠢᠯᠳᠦᠬᠦᠨ ᠨᠢᠭᠡᠴᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠰᠦᠨ ᠱᠤ᠋ ᠲᠤᠤ᠂ ᠭᠦᠨᠵᠡᠭᠡᠢ ᠰᠤᠷᠤᠯᠴᠠᠵᠤ ᠯᠠᠪᠳᠠᠭᠤᠨ ᠪᠠᠲᠤᠲᠠᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠰᠤᠷᠤᠯᠴᠠᠨ  ᠲᠤᠭᠤᠰᠢᠯᠠᠭᠤᠯᠬᠤ ᠶᠢ ᠤᠷᠳᠤ ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠰᠤᠷᠤᠯᠴᠠᠵᠤ᠂ ᠶᠣᠰᠣ ᠳᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠬᠤᠷᠢᠭ᠎ᠠ ᠱᠤᠭᠤᠮ ᠢ ᠰᠠᠬᠢᠬᠤ ᠶᠢ ᠤᠬᠠᠮᠰᠠᠷᠲᠤ ᠬᠡᠪ ᠪᠣᠯᠪᠠᠰᠤᠷᠠᠯ ᠪᠣᠯᠭᠠᠬᠤ ᠬᠡᠷᠡᠭᠲᠡᠢ︔ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠵᠤ᠂ ᠡᠷᠡᠰ ᠰᠢᠭᠤᠷᠬᠠᠢ ᠪᠠᠷ ᠪᠠᠷᠢᠮᠵᠢᠶᠠᠯᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠬᠠᠮᠤᠭ ᠤᠨ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠬᠢᠴᠢᠶᠡᠩᠭᠦ᠋ᠢᠯᠡᠨ ᠰᠠᠬᠢᠬᠤ ᠬᠡᠷᠡᠭᠲᠡᠢ᠃ ᠤᠳᠤᠷᠢᠳᠬᠤ ᠺᠠᠳ᠋ᠷ ᠡᠷᠬᠡᠪᠰᠢ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠨᠠᠩ ᠳᠣᠪᠤᠶᠢᠯᠭᠠᠵᠤ᠂ ᠭᠦᠨ ᠵᠤᠵᠠᠭᠠᠨ ᠠᠵᠢᠯ ᠬᠢᠬᠦ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠡᠷᠲᠡᠭᠡᠡ ᠠᠴᠠ ᠠᠳᠬᠤᠨ ᠪᠠᠭ᠎ᠠ ᠳᠤᠨᠢ ᠠᠳᠬᠤᠬᠤ ᠶᠢ ᠳᠣᠪᠤᠶᠢᠯᠭᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠪᠠᠨ ᠵᠠᠯᠠᠷᠠᠭᠤᠯᠬᠤ ᠶᠢ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠤᠷ᠎ᠠ ᠰᠢᠷᠭᠠᠭᠤ ᠠᠵᠢᠯᠯᠠᠨ᠂ ᠵᠣᠷᠢᠭᠲᠠᠶ ᠪᠠᠷ ᠠᠵᠢᠯ ᠬᠢᠵᠦ᠂ ᠢᠳᠡᠪᠬᠢᠲᠡᠶ ᠠᠵᠢᠯᠯᠠᠵᠤ᠂ ᠣᠳᠣᠬᠢᠴᠢᠯᠠᠭᠰᠠᠨ ᠦᠵᠡᠰᠬᠦᠯᠡᠩᠲᠦ ᠰᠠᠶᠢᠬᠠᠨ ᠡᠮᠦᠨᠡᠲᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号