ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
      ᠤᠶᠢᠷ᠎ᠠ ᠶᠢᠨ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠨᠢᠤ ᠶᠤᠸᠠᠨ ᠵᠢᠴᠢ ᠪᠤᠰᠤᠳ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠠᠷᠪᠠᠨ ᠲᠠᠯ᠎ᠠ ᠶᠢᠨ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠵᠢᠴᠢ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ ︾ ᠢ ᠰᠤᠷᠤᠯᠴᠠᠪᠠ᠃      ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠴᠢᠬᠤᠯᠠ ᠴᠢᠨᠠᠷ᠂ ᠲᠤᠯᠭᠠᠮ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠡᠯ᠎ᠡ ᠹᠷᠣᠨᠲ ᠡᠯ᠎ᠡ ᠬᠦᠷᠢᠶᠡᠨ ᠳᠤ ᠨᠠᠶᠢᠳᠠᠪᠤᠷᠢᠵᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠠᠳᠬᠤᠬᠤ ᠬᠡᠷᠡᠭᠲᠡᠢ ᠭᠡᠵᠡᠢ᠃       ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠂ ᠨᠣᠶᠠᠨᠴᠢ ᠰᠤᠷᠲᠠᠯ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号