ᠡᠬᠡ ᠨᠢᠯᠬᠠᠰ ᠤᠨ ᠡᠷᠡᠬᠦᠯ ᠮᠡᠨᠳᠤ ᠳᠤ ᠠᠯᠢᠪᠠ ᠪᠠᠨ ᠵᠤᠷᠢᠭᠤᠯᠤᠨᠠᠮ
ᠨᠡᠶᠢᠲᠡᠯᠡᠭᠰᠡᠨ ᠴᠠᠭ᠄
2024/10/9
    ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶᠠᠨ ᠳᠤ ᠡᠮᠴᠢᠯᠡᠬᠡᠨ ᠤ ᠬᠠᠪᠰᠦᠷᠦᠨ ᠲᠡᠳᠬᠦᠬᠦ ᠠᠵᠢᠯ ᠬᠢᠵᠦ ᠪᠠᠶᠢᠭ᠎ᠠ ᠡᠤ ᠯᠢ ᠨᠠ ᠡᠮᠴᠢ ᠶᠢ ᠲᠡᠮᠳᠡᠭᠯᠡᠪᠡ      ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠬᠡᠢ ᠡᠮᠨᠡᠯᠬᠡ ᠶᠢᠨ ᠬᠤᠷᠢᠶ᠎ᠠ ᠶᠢᠨ ᠡᠬᠡ ᠨᠢᠯᠠᠬᠰ ᠤᠨ ᠡᠷᠡᠬᠦᠯᠵᠢᠯ ᠤᠨ ᠬᠤᠷᠢᠶ᠎ᠠ ᠪᠡᠬᠡᠵᠢᠩ ᠬᠤᠳᠠ ᠶᠢᠨ ᠬᠠᠢ ᠳ᠋ᠢᠶᠠᠨ ᠲᠤᠭᠤᠷᠢᠭ ᠤᠨ ᠡᠬᠡ ᠨᠢᠯᠬᠠᠰ ᠤᠨ ᠡᠷᠡᠬᠦᠯᠵᠢᠯ ᠤᠨ ᠬᠤᠷᠢᠶᠠᠨ ᠤ ᠡᠮᠴᠢ ᠡᠤ ᠯᠢ ᠨᠠ ᠶᠢᠨ ᠨᠠᠷᠢᠯᠢᠭ ᠵᠢᠯᠤᠭᠤᠳᠤᠯᠭ᠎ᠠ ᠪᠠ ᠪᠦᠬᠦ ᠬᠤᠷᠢᠶᠠᠨ ᠤ ᠡᠯ᠎ᠡ ᠰᠠᠯᠠᠭ᠎ᠠ ᠲᠠᠰᠤᠭ ᠤᠨ ᠡᠮᠴᠢ ᠰᠤᠪᠢᠯᠠᠬᠴᠢ ᠶᠢᠨ ᠬᠠᠮᠳᠤ ᠶᠢᠨ ᠴᠢᠷᠮᠠᠶᠢᠯᠭ᠎ᠠ ᠪᠠᠷ ᠬᠦᠡᠭᠬᠡᠵᠢᠯᠳᠡ ᠶᠢᠨ ᠰᠠᠯᠠᠭ᠎ᠠ᠂ ᠡᠮᠡᠭᠳᠡᠢ ᠶᠢᠨ ᠡᠪᠡᠳᠴᠢᠨ ᠤ ᠰᠠᠯᠠᠭ᠎ᠠ᠂ ᠬᠡᠤᠬᠡᠳ ᠤᠨ ᠰᠠᠯᠠᠭ᠎ᠠ᠂ ᠲᠤᠳᠤᠷ ᠡᠮᠨᠡᠯᠬᠡ ᠶᠢᠨ ᠡᠮᠨᠡᠯᠬᠡ ᠳᠤ ᠰᠠᠭᠤᠬᠤ ᠭᠠᠵᠠᠷ ᠢ ᠵᠢᠩᠬᠢᠨᠢ ᠪᠠᠷ ᠠᠰᠢᠬᠯᠠᠯᠳᠠ ᠳᠤ ᠤᠷᠤᠭᠤᠯᠵᠠᠢ᠃ ᠡᠨᠡ ᠨᠢ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠬᠦᠭᠵᠢᠯᠳᠡ ᠶᠢᠨ ᠰᠢᠨ᠎ᠡ ᠭᠠᠷᠤᠭ᠎ᠠ ᠪᠠᠨ ᠠᠪᠤᠭᠰᠠᠨ ᠢ ᠬᠠᠷᠠᠭᠤᠯᠵᠦ ᠪᠤᠢ᠃ ᠡᠳᠡᠬᠡᠷ ᠨᠢ ᠪᠦᠷ ᠪᠡᠬᠡᠵᠢᠩ ᠦᠪᠦᠷ ᠮᠤᠩᠭᠤᠯ ᠤᠨ ᠬᠠᠪᠰᠦᠷᠦᠨ ᠲᠡᠳᠬᠦᠬᠦ ᠲᠦᠷᠦᠯ ᠵᠦᠢᠯ ᠤᠨ ᠡᠮᠴᠢᠯᠡᠬᠡᠨ ᠤ ᠬᠠᠪᠰᠦᠷᠦᠨ ᠲᠡᠳᠬᠦᠬᠦ ᠠᠵᠢᠯ ᠬᠢᠵᠦ ᠪᠠᠶᠢᠭ᠎ᠠ ᠡᠤ ᠯᠢ ᠨᠠ ᠮᠡᠳᠤ ᠠᠯᠢ ᠤᠯᠠᠨ ᠡᠮᠴᠢ ᠨᠡᠷ ᠤᠨ ᠰᠢᠭᠤᠳ ᠲᠡᠮᠵᠢᠯᠬᠡ ᠠᠴᠠ ᠰᠠᠯᠵᠦ ᠴᠢᠳᠠᠬᠤ ᠦᠬᠡᠢ ᠶᠤᠮ       ᠡᠨᠡ ᠵᠢᠯ ᠤᠨ 6 ᠰᠠᠷ᠎ᠠ ᠳᠤ᠂ ᠡᠤ ᠯᠢ ᠨᠠ ᠡᠮᠴᠢ ᠪᠡᠬᠡᠵᠢᠩ ᠦᠪᠦᠷ ᠮᠤᠩᠭᠤᠯ ᠤᠨ ᠬᠠᠪᠰᠦᠷᠦᠨ ᠲᠡᠳᠬᠦᠬᠦ ᠲᠦᠷᠦᠯ ᠵᠦᠢᠯ ᠤᠨ ᠤᠷᠢᠶᠠᠯᠠᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠦ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶᠠᠨ ᠳᠤ ᠢᠷᠡᠵᠦ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠡᠮᠴᠢᠯᠡᠬᠡᠨ ᠤ ᠬᠠᠪᠰᠦᠷᠦᠨ ᠲᠡᠳᠬᠦᠬᠦ ᠠᠵᠢᠯ ᠢᠶᠠᠨ ᠡᠬᠢᠯᠡᠬᠦᠯᠵᠡᠢ᠃ ᠡᠮᠡᠭᠳᠡᠢ ᠶᠢᠨ ᠬᠦᠡᠭᠭᠡᠵᠢᠯᠳᠡ ᠶᠢᠨ ᠰᠠᠯᠠᠭ᠎ᠠ ᠶᠢᠨ ᠲᠤᠰᠬᠠᠢ ᠮᠡᠷᠬᠡᠵᠢᠯᠳᠡᠨ ᠪᠤᠯᠤᠬᠰᠠᠨ ᠡᠤ ᠯᠢ ᠨᠠ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢᠨ ᠡᠮᠴᠢ ᠰᠤᠪᠢᠯᠠᠬᠴᠢ ᠲᠠᠢ ᠬᠠᠮᠳᠤ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠤᠬᠰᠠᠨ ᠪᠦᠭᠡᠳ ᠡᠬᠡ ᠨᠢᠯᠬᠠᠰ ᠤᠨ ᠬᠦᠮᠦᠨ ᠠᠮᠠ ᠶᠢᠨ ᠲᠠᠩᠰᠠ ᠶᠢᠨ ᠮᠠᠲ᠋ᠧᠷᠢᠶᠠᠯ ᠳᠤ ᠨᠠᠷᠢᠯᠢᠭ ᠪᠠᠶᠢᠴᠠᠭᠠᠯᠳᠠ ᠬᠢᠵᠦ᠂ ᠡᠷᠡᠬᠦᠯ ᠬᠠᠮᠠᠭᠠᠯᠠᠯ ᠤᠨ ᠡᠮᠴᠢᠯᠡᠬᠡᠨ ᠳᠤ ᠪᠦᠬᠦ ᠲᠠᠯ᠎ᠠ ᠶᠢᠨ ᠵᠠᠳᠠᠯᠦᠯᠳᠡ ᠬᠢᠵᠡᠢ᠃ ᠰᠠᠶᠢᠳᠤᠷ ᠪᠠᠶᠢᠴᠠᠭᠠᠯᠳᠠ ᠬᠢᠵᠦ ᠨᠠᠷᠢᠯᠢᠭ ᠵᠠᠳᠠᠯᠤᠯᠳᠠ ᠬᠢᠭᠰᠡᠨ ᠤ ᠳ᠋ᠦᠩ ᠳᠤ᠂ ᠲᠡᠷᠡ ᠡᠮᠡᠭᠳᠡᠢ ᠶᠢᠨ ᠬᠦᠡᠭᠬᠡᠵᠢᠯᠳᠡ ᠶᠢᠨ ᠰᠠᠯᠠᠭ᠎ᠠ ᠶᠢᠨ ᠡᠮᠴᠢᠯᠡᠬᠡᠨ ᠤ ᠡᠬᠢ ᠪᠠᠶᠠᠯᠢᠭ ᠤᠨ ᠬᠤᠪᠢᠶᠠᠷᠢᠯᠠᠯᠳᠠ᠂ ᠤᠨᠤᠰᠢᠯᠠᠨ ᠡᠮᠴᠢᠯᠡᠬᠦ ᠮᠡᠷᠬᠡᠵᠢᠯ ᠤᠨ ᠲᠡᠭᠡᠭᠰᠢᠯᠡᠯᠳᠡ ᠵᠢᠴᠢ ᠠᠵᠢᠯᠳᠠᠨ ᠤ ᠲᠤᠰᠬᠠᠢ ᠮᠡᠷᠬᠡᠵᠢᠯ ᠤᠨ ᠲᠡᠭᠡᠭᠰᠢᠯᠡᠯᠳᠡ ᠵᠡᠷᠭᠡ ᠲᠠᠯ᠎ᠠ ᠪᠠᠷ ᠲᠤᠬᠢᠷᠠᠮᠵᠢ ᠦᠭᠡᠢ ᠦᠵᠡᠭᠳᠡᠯ ᠤᠷᠤᠰᠢᠵᠦ ᠪᠠᠶᠢᠭ᠎ᠠ ᠶᠢ ᠤᠯᠵᠦ ᠮᠡᠳᠡᠭᠰᠡᠨ ᠤ ᠲᠠᠷᠠᠭ᠎ᠠ᠂ ᠦᠪᠡᠷ ᠤᠨ ᠪᠡᠶ᠎ᠡ ᠪᠠᠷ ᠢᠶᠠᠨ ᠡᠮᠴᠢᠯᠡᠬᠡᠨ ᠤ ᠠᠵᠢᠯ ᠳᠤ ᠤᠷᠤᠯᠴᠠᠵᠦ᠂ ᠵᠢᠷᠮᠦᠰᠦᠨ ᠬᠦᠡᠭᠬᠡᠵᠢᠬᠦ ᠡᠮᠡᠭᠳᠡᠶᠢᠴᠤᠳ ᠲᠤ ᠴᠢᠨᠠᠷ ᠰᠠᠶᠢᠳᠠᠢ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠦ᠂ ᠲᠤᠰᠬᠠᠢ ᠰᠡᠳᠤᠪᠳᠤ ᠰᠠᠭᠤᠳᠠᠯ ᠤᠨ ᠬᠤᠷᠠᠯ ᠲᠤᠬᠢᠷᠠᠭᠤᠯᠬᠤ᠂ ᠪᠤᠳᠠᠳᠠᠢ ᠰᠤᠷᠢᠯᠳᠠ ᠵᠤᠬᠢᠶᠠᠨ ᠪᠠᠶᠢᠭᠤᠯᠬᠤ ᠬᠡᠯᠪᠡᠷᠢ ᠪᠠᠷ ᠦᠪᠡᠷ ᠤᠨ ᠤᠯᠠᠨ ᠵᠢᠯ ᠤᠨ ᠲᠤᠷᠰᠢ ᠬᠤᠷᠠᠮᠳᠤᠭᠤᠯᠤᠬᠰᠠᠨ ᠮᠡᠳᠡᠯᠬᠡ ᠪᠠ ᠲᠤᠷᠰᠢᠯᠭ᠎ᠠ ᠪᠠᠨ ᠡᠮᠴᠢ ᠰᠤᠪᠢᠯᠠᠬᠴᠢ ᠨᠠᠷ ᠲᠠᠢ ᠬᠠᠷᠠᠮ ᠦᠬᠡᠢ ᠬᠤᠪᠢᠶᠠᠯᠴᠠᠵᠠᠢ᠃      ᠡᠤ ᠯᠢ ᠨᠠ᠄ ︽ᠪᠢ ᠡᠮᠡᠭᠳᠡᠢ ᠶᠢᠨ ᠬᠦᠡᠭᠬᠡᠵᠢᠯᠳᠡ ᠶᠢᠨ ᠰᠠᠯᠠᠭᠠᠨ ᠳᠤ ᠨᠢᠬᠡᠨᠳᠡ ᠠᠷᠪᠠᠨ ᠵᠢᠯ ᠠᠵᠢᠯᠯᠠᠵᠦ᠂ ᠡᠮᠡᠭᠳᠡᠢ ᠶᠢᠨ ᠬᠦᠡᠭᠬᠡᠵᠢᠯᠳᠡ ᠶᠢᠨ ᠰᠠᠯᠠᠭ᠎ᠠ ᠶᠢᠨ ᠦᠷᠬᠦᠯᠵᠢ ᠲᠤᠬᠢᠶᠠᠯᠳᠤᠳᠠᠭ ᠡᠪᠡᠳᠴᠢᠨ ᠢ ᠵᠠᠰᠠᠬᠤ ᠳᠠᠭᠠᠨ ᠴᠢᠳᠠᠮᠠᠭᠠᠢ ᠪᠦᠭᠡᠳ ᠦᠪᠡᠷ ᠢᠶᠠᠨ ᠬᠦᠡᠭᠭᠡᠵᠢᠬᠦ ᠳᠤ ᠬᠦᠴᠢᠷᠳᠡᠢ ᠡᠮᠡᠭᠳᠡᠢ ᠶᠢᠨ ᠡᠮᠴᠢᠯᠡᠬᠡᠨ ᠤ ᠠᠰᠠᠭᠤᠳᠠᠯ ᠢ ᠰᠠᠶᠢᠨ ᠰᠶᠢᠳᠪᠦᠷᠢᠯᠡᠵᠦ ᠴᠢᠳᠠᠳᠠᠭ᠃ ᠪᠢ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠮᠴᠢᠯᠡᠬᠡᠨ ᠤ ᠪᠦᠯᠬᠦᠮ ᠤᠨ ᠬᠡᠰᠢᠬᠦᠨ ᠪᠤᠯᠤᠬᠰᠠᠨ ᠤ ᠲᠠᠷᠠᠭ᠎ᠠ᠂ ᠭᠤᠤᠯᠳᠠᠭᠤ ᠡᠬᠦᠳᠡᠨ ᠡᠮᠨᠡᠯᠬᠡ ᠶᠢᠨ ᠡᠮᠴᠢᠯᠡᠬᠡᠨ ᠤ ᠠᠵᠢᠯ ᠢ ᠬᠠᠷᠢᠭᠤᠴᠠᠳᠠᠭ︾ ᠬᠡᠵᠦ ᠰᠤᠷᠪᠤᠯᠵᠢᠯᠠᠬᠴᠢ ᠳᠤ ᠶᠠᠷᠢᠵᠦ ᠪᠠᠶᠢᠯ᠎ᠠ᠃     ᠡᠤ ᠯᠢ ᠨᠠ ᠶᠢᠨ ᠨᠠᠷᠢᠯᠢᠭ ᠲᠦᠯᠦᠪᠵᠢᠬᠦᠯᠬᠡ ᠪᠠᠷ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢᠨ ᠡᠮᠡᠭᠳᠡᠢ ᠶᠢᠨ ᠬᠦᠡᠭᠬᠡᠵᠢᠯᠳᠡ ᠶᠢᠨ ᠰᠠᠯᠠᠭ᠎ᠠ ᠡᠪᠡᠳᠴᠢᠳᠡᠨ ᠤ ᠦᠷᠦᠬᠡ ᠵᠢᠴᠢ ᠮᠡᠰᠡ ᠵᠠᠰᠠᠯ ᠤᠨ ᠦᠷᠦᠬᠡ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠦᠳᠳᠡᠷ ᠲᠦᠷᠬᠡᠨ ᠲᠠᠭᠤᠰᠬᠠᠬᠰᠠᠨ ᠪᠦᠭᠡᠳ ᠲᠡᠬᠡᠷ᠎ᠡ ᠱᠠᠳᠤᠨ ᠤ ᠡᠯ᠎ᠠ ᠵᠦᠢᠯ ᠤᠨ ᠬᠢᠨᠠᠨ ᠪᠠᠶᠢᠴᠠᠭᠠᠯᠳᠡ ᠶᠢ ᠠᠮᠵᠢᠯᠳᠠ ᠲᠠᠢ ᠲᠤᠭᠤᠯᠵᠠᠢ᠃ ᠡᠤ ᠯᠢ ᠨᠠ ᠡᠮᠴᠢ ᠡᠮᠡᠭᠳᠡᠢ ᠶᠢᠨ ᠬᠦᠡᠭᠬᠡᠵᠢᠯᠳᠡ ᠶᠢᠨ ᠰᠠᠯᠠᠭ᠎ᠠ ᠶᠢᠨ ᠡᠮᠴᠢᠯᠡᠬᠡᠨ ᠤ ᠪᠦᠯᠬᠦᠮ ᠢ ᠤᠳᠤᠷᠢᠳᠤᠨ ᠪᠠᠴᠢᠮ ᠪᠠᠶᠢᠳᠠᠯ ᠢ ᠠᠷᠭᠠᠴᠠᠭᠠᠬᠤ ᠪᠦᠬᠦ ᠲᠠᠯ᠎ᠠ ᠶᠢᠨ ᠪᠡᠯᠡᠳᠬᠡᠯ ᠬᠢᠵᠦ᠂ ᠡᠮᠴᠢᠯᠡᠬᠡᠨ ᠤ ᠦᠢᠯᠡᠴᠢᠯᠡᠭᠡ ᠶᠢ ᠤᠯᠠᠮ ᠨᠢᠬᠡ ᠠᠯᠬᠤᠮ ᠰᠢᠯᠢᠳᠡᠭᠵᠢᠬᠦᠯᠵᠡᠢ᠃ ᠲᠡᠷᠡ ᠮᠡᠷᠬᠡᠵᠢᠯ ᠤᠨ ᠲᠠᠯ᠎ᠠ ᠪᠠᠷ ᠲᠡᠮᠵᠢᠯᠬᠡ ᠬᠠᠨᠭ᠍ᠭᠠᠬᠰᠠᠨ ᠢᠶᠠᠷ ᠪᠠᠷᠠᠬᠤ ᠦᠬᠡᠢ ᠪᠠᠰᠠ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢᠨ ᠠᠵᠢᠯᠳᠠᠨ ᠲᠠᠢ ᠨᠢᠬᠳᠠ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠤᠬᠰᠠᠨ ᠠᠴᠠ ᠬᠠᠮᠳᠤ ᠠᠵᠢᠯᠯᠠᠬᠰᠠᠳ ᠤᠨ ᠢᠶᠠᠨ ᠬᠦᠨᠳᠦᠳᠬᠡᠯ ᠪᠠ ᠢᠳᠡᠬᠡᠯ ᠢ ᠤᠯᠵᠠᠢ᠃      ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠬᠠᠢ ᠳ᠋ᠢᠶᠠᠨ ᠲᠤᠭᠤᠷᠢᠭ ᠤᠨ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ᠂ ᠨᠢᠳᠦᠨ ᠰᠠᠯᠠᠭᠠᠨ ᠤ ᠤᠨᠤᠰᠢᠯᠠᠬᠤ ᠡᠮᠴᠢᠯᠡᠭᠡ᠂ ᠬᠦᠬᠦᠨ ᠦᠮᠡᠨ ᠤ ᠡᠷᠡᠬᠦᠯ ᠮᠡᠨᠳᠤ᠂ ᠠᠮᠠᠨ ᠬᠦᠨᠳᠡᠢ ᠶᠢᠨ ᠵᠠᠰᠠᠯᠭ᠎ᠠ᠂ ᠬᠦᠡᠭᠬᠡᠵᠢᠬᠦ ᠠᠴᠠ ᠡᠮᠦᠨᠡᠬᠢ ᠤᠨᠤᠰᠢᠯᠠᠯᠳᠠ ᠵᠢᠴᠢ ᠡᠷᠡᠬᠦᠯ ᠬᠠᠮᠠᠭᠠᠯᠠᠯ ᠰᠤᠷᠭᠠᠨ ᠬᠦᠮᠦᠵᠢᠯ ᠵᠡᠷᠭᠡ ᠤᠯᠠᠨ ᠵᠠᠩᠬᠢᠯᠠᠭ᠎ᠠ ᠶᠢᠨ ᠬᠦᠷᠢᠶ᠎ᠡ ᠬᠡᠪᠴᠢᠶᠡᠨ ᠳᠤ ᠡᠤ ᠯᠢ ᠨᠠ ᠡᠮᠴᠢ ᠶᠢ ᠪᠠᠭᠳᠠᠭᠠᠬᠰᠠᠨ ᠭᠠᠷᠮᠠᠭᠠᠢ ᠮᠡᠷᠬᠡᠵᠢᠯ ᠲᠠᠢ᠂ ᠪᠠᠶᠠᠯᠢᠭ ᠲᠤᠷᠰᠢᠯᠭ᠎ᠠ ᠲᠠᠢ 6 ᠨᠡᠷᠡᠰ ᠲᠤᠰᠬᠠᠢ ᠮᠡᠷᠬᠡᠵᠢᠯᠳᠡᠨ ᠢ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶᠠᠨ ᠳᠤ ᠲᠤᠮᠢᠯᠠᠨ ᠬᠠᠪᠰᠦᠷᠦᠨ ᠲᠡᠳᠬᠦᠬᠦ ᠠᠵᠢᠯ ᠦᠷᠨᠢᠬᠦᠯᠵᠡᠢ᠃ ᠡᠳᠡᠬᠡᠷ ᠲᠤᠰᠬᠠᠢ ᠮᠡᠷᠬᠡᠵᠢᠯᠳᠡᠳ ᠪᠦᠬᠦ ᠰᠡᠳᠬᠢᠯ ᠢᠶᠠᠷ ᠡᠮᠴᠢᠯᠡᠬᠡᠨ ᠤ ᠠᠵᠢᠯ ᠳᠠᠭᠠᠨ ᠰᠢᠮᠳᠠᠬᠰᠠᠨ ᠢᠶᠠᠷ ᠪᠠᠷᠠᠬᠤ ᠦᠬᠡᠢ ᠪᠠᠰᠠ ᠡᠯ᠎ᠡ ᠲᠦᠷᠦᠯ ᠤᠨ ᠡᠮᠴᠢᠯᠡᠬᠡᠨ ᠤ ᠶᠠᠪᠤᠴᠠ ᠶᠢ ᠢᠳᠡᠪᠬᠢᠳᠡᠢ ᠲᠦᠷᠢᠮᠵᠢᠬᠦᠯᠵᠦ᠂ ᠲᠡᠳᠡᠨ ᠤ ᠲᠤᠰᠬᠠᠢ ᠮᠡᠷᠬᠡᠵᠢᠯ ᠤᠨ ᠤᠷ᠎ᠠ ᠮᠡᠷᠬᠡᠵᠢᠯ ᠢᠶᠠᠨ ᠪᠦᠷᠢᠮᠦᠰᠦᠨ ᠪᠠᠳᠠᠷᠠᠭᠤᠯᠵᠦ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠲᠠᠯ᠎ᠠ ᠶᠢᠨ ᠪᠦᠳᠦᠬᠡᠨ ᠪᠠᠶᠢᠭᠤᠯᠤᠯᠳᠠ ᠳᠤ ᠪᠦᠳᠦᠮᠵᠢᠳᠡᠢ ᠲᠡᠮᠵᠢᠯᠬᠡ ᠦᠵᠡᠬᠦᠯᠵᠡᠢ᠃     ᠡᠤ ᠯᠢ ᠨᠠ ᠡᠮᠴᠢ ᠦᠪᠡᠷ ᠤᠨ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠡᠮᠴᠢᠯᠡᠬᠡᠨ ᠤ ᠠᠵᠢᠯᠳᠠᠨ ᠤ ᠲᠠᠷᠬᠠᠨ ᠬᠠᠷᠢᠭᠤᠴᠠᠯᠭ᠎ᠠ ᠪᠠᠨ ᠬᠦᠢᠴᠡᠳᠬᠡᠵᠦ᠂ ᠨᠠᠶᠢᠰᠯᠠᠯ ᠪᠡᠬᠡᠵᠢᠩ ᠤᠨ ᠬᠠᠢ ᠳ᠋ᠢᠶᠠᠨ ᠲᠤᠭᠤᠷᠢᠭ ᠤᠨ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠪᠤᠯᠤᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢᠨ ᠬᠤᠭᠤᠷᠤᠨᠳᠤᠬᠢ ᠨᠦᠬᠦᠷᠰᠡᠭ ᠬᠠᠷᠢᠴᠠᠭ᠎ᠠ ᠶᠢ ᠪᠠᠶᠢᠭᠤᠯᠬᠤ ᠳᠤ ᠵᠢᠳᠬᠦᠯ ᠦᠵᠡᠬᠦᠯᠵᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号