ᠬᠦᠢᠯᠡᠷ ᠪᠠᠯᠭᠠᠰᠦ 2024 ᠤᠨ ᠤ ᠮᠠᠯᠴᠢᠨ ᠲᠠᠷᠢᠶᠠᠴᠢᠤᠨ ᠤᠨ ᠡᠯᠪᠡᠭ ᠬᠤᠷᠢᠶᠠᠯᠳᠠ ᠶᠢᠨ ᠪᠠᠶᠠᠷ ᠵᠢᠴᠢ ᠬᠤᠶᠠᠳᠤᠭᠠᠷ ᠬᠤᠭᠤᠴᠠᠭᠠᠨ ᠤ ᠬᠦᠯ ᠪᠦᠮᠪᠦᠭᠡ ᠶᠢᠨ ᠤᠷᠤᠯᠳᠤᠭᠠᠨ ᠶᠠᠪᠤᠨᠨᠳᠠᠭᠤᠯᠵᠠᠢ
ᠨᠡᠶᠢᠲᠡᠯᠡᠭᠰᠡᠨ ᠴᠠᠭ᠄
2024/10/9
     ᠡᠯᠪᠡᠭ ᠬᠤᠷᠢᠶᠠᠯᠳᠠ ᠶᠢᠨ ᠡᠬᠡᠰᠢᠭ ᠬᠠᠩᠬᠢᠨ᠋ᠬᠠᠰᠠᠨ 9 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠬᠦᠢᠯᠡᠷ ᠪᠠᠯᠭᠠᠰᠦ 2024 ᠤᠨ ᠤ ᠮᠠᠯᠴᠢᠨ ᠲᠠᠷᠢᠶᠠᠴᠢᠤᠨ ᠤᠨ ᠡᠯᠪᠡᠭ ᠬᠤᠷᠢᠶᠠᠯᠳᠠ ᠶᠢᠨ ᠪᠠᠶᠠᠷ ᠵᠢᠴᠢ ᠬᠤᠶᠠᠳᠤᠭᠠᠷ ᠬᠤᠭᠤᠴᠠᠭᠠᠨ ᠤ ︽ᠬᠤᠷᠴᠢᠨ ᠸᠠᠩ ᠬᠤᠨᠳᠠᠭᠠᠳᠦ︾ ᠮᠠᠯᠴᠢᠨ ᠲᠠᠷᠢᠶᠠᠴᠢᠤᠨ ᠤᠨ ᠬᠦᠯ ᠪᠦᠮᠪᠦᠭᠡ ᠶᠢᠨ ᠤᠷᠤᠯᠳᠤᠭᠠᠨ ᠢᠶᠠᠨ ᠪᠠᠳᠠᠷᠠᠩᠭᠤᠢ ᠭᠠᠴᠠᠭ᠎ᠠ ᠳᠤ ᠤᠷᠤᠨᠨᠰᠢᠳᠠᠢ ᠰᠠᠶᠢᠬᠠᠨ ᠶᠠᠪᠤᠨᠨᠳᠠᠭᠤᠯᠤᠨᠨᠰᠠᠨ ᠪᠠᠶᠢᠨ᠎ᠠ᠃     ᠡᠬᠢᠯᠡᠯᠳᠡ ᠶᠢᠨ ᠶᠤᠰᠤᠯᠠᠯ ᠳᠤ᠂ ᠡᠯ᠎ᠠ ᠭᠠᠴᠠᠭ᠎ᠠ ᠶᠢᠨ ᠪᠦᠵᠢᠭ ᠤᠨ ᠪᠦᠯᠬᠦᠮ ᠪᠠ ᠲᠠᠭᠤᠤ ᠬᠦᠭᠵᠢᠮ ᠤᠨ ᠪᠦᠯᠬᠦᠮ ᠦᠪᠡᠷ ᠦᠪᠡᠷ ᠤᠨ ᠤᠨᠴᠠᠯᠢᠨᠨᠳᠦ ᠲᠤᠨᠨᠯᠠᠯᠳᠠ ᠪᠠᠷ ᠢᠶᠠᠨ ᠬᠦᠷᠦᠯᠴᠡᠨ ᠢᠷᠡᠭᠰᠡᠨ ᠦᠵᠡᠭᠴᠢ ᠤᠯᠠᠨ ᠤ ᠪᠠᠨ ᠬᠠᠷᠠᠭ᠎ᠠ ᠰᠤᠨᠤᠷ ᠢ ᠪᠠᠶᠠᠰᠬᠠᠵᠠᠢ᠃ ᠡᠭᠦᠨ ᠤ ᠬᠠᠮᠳᠦ ᠲᠠᠭᠠᠭᠤᠯᠤᠨᠨᠴᠢ ᠶᠢᠨ ᠦᠢᠯᠡᠳᠦᠯ ᠢᠶᠠᠨ ᠭᠦᠢᠴᠡᠤᠨ ᠪᠠᠳᠠᠷᠠᠭᠤᠯᠵᠦ ᠪᠠᠶᠢᠭ᠎ᠠ ᠲᠠᠷᠢᠮᠠᠯ ᠤᠨ ᠲᠤᠮᠤ ᠡᠷᠦᠬᠡ᠂ ᠰᠢᠯᠢᠳᠡᠭ ᠬᠤᠷᠰᠢᠶᠠᠵᠢᠯ᠂ ᠲᠡᠷᠢᠭᠦᠨ ᠤ ᠬᠠᠮᠳᠦ ᠨᠡᠶᠢᠳᠡ ᠪᠠᠨ ᠬᠦᠭᠢᠭᠦᠯᠤᠨ ᠱᠠᠩᠨ᠋ᠬᠠᠰᠠᠨ ᠪᠠᠶᠢᠨ᠎ᠠ᠃     ᠲᠤᠰ ᠠᠵᠢᠯᠯᠠᠭ᠎ᠠ ᠲᠤᠮᠳᠠ ᠬᠦᠯ ᠪᠦᠮᠪᠦᠭᠡ ᠶᠢᠨ ᠤᠷᠤᠯᠳᠤᠭᠠᠨ᠂ ᠲᠡᠭᠡᠰᠦ ᠲᠠᠳᠠᠬᠤ ᠤᠷᠤᠯᠳᠤᠭᠠᠨ᠂ ᠡᠷᠳᠡᠨᠢ ᠰᠢᠰᠢ ᠲᠤᠮᠤᠬᠤ ᠤᠷᠤᠯᠳᠤᠭᠠᠨ᠂ ᠵᠢᠭᠠᠰᠦ ᠪᠠᠷᠢᠬᠤ ᠤᠷᠤᠯᠳᠤᠭᠠᠨ᠂ ᠲᠤᠳᠤᠷᠭ᠎ᠠ ᠬᠠᠳᠤᠬᠤ ᠤᠷᠤᠯᠳᠤᠭᠠᠨ ᠵᠡᠷᠭᠡ ᠡᠯᠪᠡᠭ ᠠᠭᠤᠯᠭ᠎ᠠ ᠪᠦᠬᠦᠢ ᠠᠵᠢᠯᠯᠠᠭ᠎ᠠ ᠶᠢ ᠲᠤᠬᠢᠷᠠᠭᠤᠯᠤᠨ ᠶᠠᠪᠤᠨᠨᠳᠠᠭᠤᠯᠵᠦ᠂ ᠡᠭᠦᠨ ᠳᠤ ᠲᠤᠰ ᠪᠠᠯᠭᠠᠰᠦ ᠶᠢᠨ 22 ᠭᠠᠴᠠᠭ᠎ᠠ ᠶᠢᠨ 200 ᠰᠢᠬᠠᠮ ᠮᠠᠯᠴᠢᠨ ᠲᠠᠷᠢᠶᠠᠴᠢᠤᠨ ᠪᠠ 2 ᠨᠡᠶᠢᠭᠡᠮ ᠲᠤᠭᠤᠷᠢᠭ ᠤᠨ ᠠᠵᠢᠯᠳᠠᠤᠨ ᠡᠯ᠎ᠠ ᠲᠦᠷᠦᠯ ᠤᠨ ᠤᠷᠤᠯᠳᠤᠭᠠᠨ ᠳᠤ ᠢᠳᠡᠪᠬᠢᠯᠡᠨ ᠤᠷᠤᠯᠴᠠᠵᠦ ᠡᠯᠪᠡᠭ ᠬᠤᠷᠢᠶᠠᠯᠳᠠ ᠶᠢᠨ ᠪᠠᠶᠠᠰᠤᠯ ᠢᠶᠠᠨ ᠬᠠᠮᠳᠦ ᠳᠠᠭᠠᠨ ᠡᠳ᠋ᠯᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号