| ᠠᠳᠤᠭᠤ ᠮᠠᠯ ᠲᠠᠷᠭᠤ ᠬᠦᠴᠤ ᠪᠦᠷᠢᠳᠤᠵᠤ᠂ ᠡᠯᠪᠡᠭ ᠬᠤᠷᠢᠶᠠᠯᠳᠠ ᠶᠢᠨ ᠡᠭᠡᠰᠢᠭ ᠬᠠᠩᠬᠢᠨᠠᠭᠰᠠᠨ ᠲᠠᠩᠰᠤᠭ | ᠨᠠᠮᠤᠷ ᠤᠨ ᠪᠠᠶᠠᠨ ᠤᠯᠠᠷᠢᠯ ᠤᠨ 9 ᠰᠠᠷ᠎ᠠ ᠶᠢᠨ 30 ᠤ ᠡᠳᠤᠷ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ | 75 ᠵᠢᠯ ᠤᠨ ᠤᠢ ᠵᠢᠴᠢ ᠤᠯᠠᠭᠠᠨᠮᠤᠳᠤ ᠰᠤᠮᠤ ᠪᠠᠶᠢᠭᠤᠯᠤᠭᠳᠠᠭᠰᠠᠨ 40 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ | ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠤᠯᠠᠭᠠᠨᠮᠤᠳᠤ ᠰᠤᠮᠤ ᠶᠢᠨ ᠤᠯᠠᠮᠵᠢᠯᠠᠯᠳᠤ ᠪᠡᠶ᠎ᠠ ᠲᠠᠮᠢᠷ ᠤᠨ | ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠲᠤ ᠠᠰᠢᠳᠠᠢ ᠰᠠᠶᠢᠬᠠᠨ ᠶᠠᠪᠤᠭᠳᠠᠪᠠ᠃ | ᠠᠵᠢᠯᠯᠠᠭ᠎ᠠ ᠨᠢ ᠬᠦᠭᠡᠷᠤᠬᠦᠨ ᠴᠤᠪᠤᠭᠤᠯᠢᠭ ᠬᠡᠥᠬᠡᠳ ᠤᠨ ᠪᠦᠵᠢᠭ ᠤᠨ ᠲᠤᠮᠳᠠ ᠡᠬᠢᠯᠡᠵᠤ᠂ ᠤᠯᠤᠰ ᠤᠨ | ᠲᠤᠭ ᠤᠨ ᠠᠩᠬᠢ᠂ ᠡᠮᠤᠨᠡᠳᠤ ᠬᠤᠰᠢᠭᠤᠨ ᠤ ᠲᠠᠯ᠎ᠠ ᠨᠤᠳᠤᠭ ᠢ ᠰᠠᠬᠢᠨ ᠪᠠᠷᠠᠯᠠᠬᠤ ᠴᠠᠭᠳᠠᠨ ᠰᠡᠷᠭᠡᠶᠢᠯᠡᠬᠦ | ᠠᠩᠬᠢ ᠶᠢᠨ ᠤᠯᠠᠭᠠᠨᠮᠤᠳᠤ ᠳᠠᠬᠢ ᠬᠤᠪᠢᠶᠠᠷᠢ ᠠᠩᠬᠢ᠂ ᠬᠦᠳᠡᠯᠮᠤᠷᠢ ᠶᠢᠨ ᠵᠢᠱᠢᠶᠡᠴᠢ ᠶᠢᠨ ᠠᠩᠭᠢ᠂ ᠪᠤᠳᠠᠰ ᠤᠨ | ᠪᠤᠰᠤ ᠰᠤᠶᠤᠯ ᠤᠨ ᠦᠪ ᠤᠨ ᠠᠩᠭᠢ ᠵᠢᠴᠢ ᠦᠪᠤᠷᠵᠢᠯᠠᠭᠠ ᠭᠠᠴᠠᠭ᠎ᠠ᠂ ᠪᠠᠶᠠᠨᠵᠢᠶ᠋ᠷᠤᠬᠡ ᠭᠠᠴᠠᠭ᠎ᠠ᠂ ᠤᠯᠤᠰᠤᠳᠠᠢ | ᠭᠠᠴᠠᠭ᠎ᠠ᠂ ᠰᠤᠭᠤᠠᠳᠠᠢ ᠭᠠᠴᠠᠭ᠎ᠠ᠂ ᠰᠠᠷᠠᠨᠳᠠᠢ ᠭᠠᠴᠠᠭ᠎ᠠ᠂ ᠤᠯᠠᠩ ᠤᠨ ᠭᠤᠤᠯ ᠭᠠᠴᠠᠭ᠎ᠠ᠂ ᠦᠪᠤᠷᠵᠢᠯᠠᠭᠠ | ᠨᠡᠶᠢᠭᠡᠮ ᠲᠤᠭᠤᠷᠢᠭ ᠤᠨ ᠲᠦᠯᠤᠭᠡᠯᠡᠭᠴᠢᠳ ᠤᠨ ᠠᠩᠬᠢ ᠭᠤᠶᠢᠳᠠ ᠰᠠᠶᠢᠬᠠᠨ ᠮᠤᠩᠭᠤᠯ ᠬᠤᠪᠴᠠᠰᠤ ᠪᠠᠷ ᠢᠶᠠᠨ | ᠭᠤᠶᠤᠯᠠᠵᠤ᠂ ᠲᠠᠯᠠᠪᠠᠢ ᠳᠤ ᠤᠮᠤᠭ ᠲᠡᠬᠦᠯᠳᠡᠷ ᠢᠶᠠᠷ ᠠᠯᠬᠤᠵᠤ ᠤᠷᠤᠬᠤ ᠶᠢᠨ ᠬᠠᠮᠳᠤ ᠠᠮᠢᠳᠤᠷᠠᠯ | ᠦᠢᠯᠡᠳᠪᠤᠷᠢᠯᠡᠯ ᠤᠨ ᠪᠠᠶᠢᠳᠠᠯ ᠢ ᠲᠤᠰᠬᠠᠭᠰᠠᠨ ᠴᠠᠭᠠᠨ ᠢᠳᠡᠭᠡᠨ᠂ ᠡᠮᠡᠭᠡᠯ᠂ ᠵᠠᠰᠠᠭᠳᠤ ᠬᠠᠳᠬᠤᠮᠠᠯ ᠤᠨ ᠪᠦᠳᠤᠭᠡᠯ᠂ | ᠲᠦᠷᠪᠡᠨ ᠤᠳᠠᠰᠤᠳᠤ ᠬᠤᠭᠤᠷ ᠵᠡᠷᠭᠡ ᠶᠢ ᠦᠵᠡᠭᠴᠢ ᠤᠯᠠᠨ ᠳᠤ ᠰᠤᠨᠢᠷᠬᠠᠭᠤᠯᠬᠤ ᠶᠢᠨ ᠲᠠᠭᠠᠥ ᠭᠠᠴᠠᠭ᠎ᠠ | ᠪᠦᠷᠢ ᠠᠴᠠ ᠭᠤᠴᠤᠯᠠᠯ ᠲᠠᠭᠤᠥ᠂ ᠲᠠᠭᠤᠥ ᠪᠦᠵᠢᠭ ᠪᠠ ᠤᠷᠳᠤ ᠶᠢᠨ ᠲᠠᠭᠤᠥ ᠵᠡᠷᠭᠡ ᠤᠷᠠᠨ ᠰᠠᠶᠢᠬᠠᠨ ᠤ | ᠲᠤᠭᠯᠠᠯᠳᠠ ᠡᠷᠬᠦᠵᠤ ᠬᠦᠷᠤᠯᠴᠠᠨ ᠢᠷᠡᠭᠰᠡᠨ ᠪᠦᠬᠦᠨ ᠤ ᠬᠠᠯᠠᠭᠤᠨ ᠠᠯᠠᠭ᠎ᠠ ᠲᠠᠰᠢᠯᠳᠠ ᠶᠢ ᠬᠦᠷᠳᠡᠵᠤ ᠪᠢᠯᠠ᠃ | ᠡᠬᠦᠨ ᠠᠴᠠ ᠭᠠᠳᠠᠨ᠎ᠠ᠂ ᠤᠯᠠᠭᠠᠨᠮᠤᠳᠤ ᠬᠡᠥᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠤ | ᠰᠤᠷᠭᠠᠭᠤᠯᠢ ᠶᠢᠨ ᠰᠤᠷᠤᠭᠴᠢ ᠠᠴᠠ ᠴᠤᠭ ᠵᠤᠯᠢ ᠪᠠᠳᠠᠷᠠᠭᠠᠭᠰᠠᠨ ᠪᠦᠵᠢᠭ ᠢᠶᠠᠷ ᠢᠶᠠᠨ ᠰᠢᠨ᠎ᠠ ᠴᠠᠭ ᠦᠶ᠎ᠠ ᠶᠢᠨ | ᠬᠡᠥᠬᠡᠳ ᠪᠠᠭᠠᠴᠤᠳ ᠤᠨ ᠲᠦᠷᠢ ᠲᠦᠷᠬᠦ ᠶᠢ ᠢᠯᠡᠷᠡᠬᠦᠯᠵᠠᠢ᠃ | ︽ᠪᠢ ᠪᠤᠯ ᠤᠯᠠᠭᠠᠨᠮᠤᠳᠤ ᠨᠤᠳᠤᠭᠳᠠᠢ ᠬᠦᠮᠤᠨ᠂ 40 ᠵᠢᠯ ᠤᠨ ᠬᠤᠭᠤᠴᠠᠭᠠᠨ ᠳᠤ᠂ ᠤᠯᠠᠭᠠᠨᠮᠤᠳᠤ ᠶᠢᠨ | ᠡᠯ᠎ᠠ ᠲᠠᠯ᠎ᠠ ᠶᠢᠨ ᠬᠦᠭᠵᠢᠯᠳᠠ ᠬᠤᠪᠢᠷᠠᠯᠳᠠ ᠶᠡᠭᠡᠳᠠᠢ ᠪᠠᠶᠢᠵᠤ᠂ ᠠᠷᠠᠳ ᠤᠨ ᠠᠮᠢᠳᠤᠷᠠᠯ ᠤᠯᠠᠮ ᠢᠶᠠᠷ ᠰᠠᠶᠢᠵᠢᠷᠠᠯ᠎ᠠ᠂ | ᠪᠢᠳᠠᠨ ᠤ ᠠᠮᠢᠳᠤᠷᠠᠯ ᠨᠡᠩ ᠪᠠᠶᠠᠷ ᠵᠢᠷᠭᠠᠯ ᠲᠠᠢ ᠪᠤᠯᠵᠠᠢ︾ ᠭᠡᠵᠤ ᠤᠯᠠᠭᠠᠨᠮᠤᠳᠤ ᠰᠤᠮᠤ ᠶᠢᠨ ᠮᠠᠯᠴᠢᠨ ᠰᠢᠥ ᠶᠦᠨ | ᠶᠠᠷᠢᠨ᠎ᠠ᠃ | 40 ᠵᠢᠯ ᠤᠨ ᠲᠤᠷᠰᠢ᠂ ᠤᠯᠠᠭᠠᠨᠮᠤᠳᠤ ᠰᠤᠮᠤ ᠨᠢ ᠦᠭᠡᠷᠡᠴᠢᠯᠡᠯᠳᠠ ᠨᠡᠭᠡᠭᠡᠯᠳᠠ ᠶᠢᠨ ᠠᠶᠠᠨ ᠳᠤ ᠲᠡᠭᠷᠢ | ᠭᠠᠵᠠᠷ ᠢ ᠲᠤᠩᠰᠤᠯᠭᠠᠬᠰᠠᠨ ᠬᠤᠪᠢᠷᠠᠯᠳᠠ ᠭᠠᠷᠴᠠᠢ᠃ ᠤᠯᠠᠭᠠᠨᠮᠤᠳᠤ ᠰᠤᠮᠤ ᠶᠢᠨ ᠮᠠᠯ ᠤᠨᠤᠭ᠎ᠠ ᠶᠢᠨ ᠲᠤᠭ᠎ᠠ 9.23 | ᠲᠦᠮᠡ ᠠᠴᠠ 38 ᠲᠦᠮᠡ ᠪᠤᠯᠤᠨ ᠨᠡᠮᠡᠭᠳᠡᠵᠤ᠂ ᠪᠤᠷᠤᠯᠠᠭᠤᠯᠤᠭᠰᠠᠨ ᠬᠡᠮᠵᠢᠶ᠎ᠠ ᠪᠠ ᠮᠢᠬ᠎ᠠ᠂ ᠰᠦ᠂ ᠠᠷᠠᠰᠤ ᠵᠡᠷᠭᠡ | ᠮᠠᠯ ᠤᠨ ᠠᠰᠢᠭ ᠰᠢᠮ᠎ᠠ ᠶᠢᠨ ᠦᠢᠯᠡᠳᠬᠦᠨ ᠶᠡᠭᠡ ᠬᠡᠪᠴᠢᠶ᠎ᠠ ᠪᠠᠷ ᠨᠡᠮᠡᠭᠳᠡᠵᠤ᠂ ᠮᠠᠯᠴᠢᠳ ᠤᠨ ᠤᠷᠤᠯᠭ᠎ᠠ ᠬᠦᠮᠤᠨ | ᠲᠤᠮᠳᠠᠴᠢ ᠶᠢᠨ 548.84 ᠲᠦᠬᠦᠷᠢᠭ ᠠᠴᠠ 31032 ᠲᠦᠬᠦᠷᠢᠭ ᠪᠤᠯᠵᠤ ᠨᠡᠮᠡᠭᠳᠡᠵᠠᠢ᠃ ᠤᠶᠢᠷ᠎ᠠ ᠶᠢᠨ | ᠵᠢᠯ ᠠᠴᠠ ᠨᠠᠭᠠᠰᠢ᠂ ᠤᠯᠠᠭᠠᠨᠮᠤᠳᠤ ᠶᠢᠨ ᠲᠠᠯ᠎ᠠ ᠨᠤᠳᠤᠭ ᠤᠨ ᠵᠢᠭᠤᠯᠴᠢᠯᠠᠯ ᠤᠨ ᠠᠵᠤ ᠦᠢᠯᠡᠰ ᠤᠯᠠᠮ ᠢᠶᠠᠷ | ᠬᠦᠭᠵᠢᠵᠤ᠂ ᠭᠠᠭᠴᠠ ᠡᠨᠡ ᠵᠢᠯ ᠤᠨ ᠬᠢᠨᠭ᠍ᠭᠠᠨ ᠠᠶᠢᠮᠠᠬ ᠤᠨ ᠨᠠᠭᠠᠳᠤᠮ ᠤᠨ ᠬᠤᠭᠤᠴᠠᠭᠠᠨ ᠳᠤ᠂ | ᠵᠢᠭᠤᠯᠴᠢᠯᠠᠭᠰᠠᠳ ᠤᠨ ᠲᠤᠭ᠎ᠠ 120 ᠲᠦᠮᠡᠨ ᠬᠦᠮᠤᠨ ︵ᠤᠳᠠᠭ᠎ᠠ︶ ᠳᠤ ᠲᠤᠯᠵᠤ᠂ ᠵᠢᠭᠤᠯᠴᠢᠯᠠᠯ ᠤᠨ ᠤᠷᠤᠯᠭ᠎ᠠ | 12.2 ᠳ᠋ᠦᠩᠰᠢᠭᠤᠷ ᠲᠦᠬᠦᠷᠢᠭ ᠢ ᠪᠡᠶᠡᠯᠡᠬᠦᠯᠤᠨ᠂ 1.3 ᠭᠠᠷᠤᠢ ᠲᠦᠮᠡᠨ ᠬᠦᠮᠤᠨ ᠤ ᠠᠵᠢᠯ ᠤᠯᠭᠤᠯᠳᠠ ᠶᠢ | ᠲᠠᠶᠢᠴᠢᠯᠠᠭᠰᠠᠨ ᠪᠠᠶᠢᠨ᠎ᠠ᠃ | ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠪᠠᠶᠠᠷᠳᠤ ᠴᠠᠭ ᠮᠦᠴᠠ ᠳᠤ | ᠤᠯᠠᠭᠠᠨᠮᠤᠳᠤ ᠰᠤᠮᠤ ᠨᠢ ᠲᠤᠰ ᠠᠵᠢᠯᠯᠠᠭ᠎ᠠ ᠪᠠᠷ ᠲᠠᠮᠵᠢᠭᠤᠯᠵᠦ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢ | ᠠᠬᠢᠭᠤᠯᠵᠤ᠂ 40 ᠵᠢᠯ ᠤᠨ ᠬᠦᠭᠵᠢᠯᠳᠠ ᠬᠤᠪᠢᠷᠠᠯᠳᠠ ᠪᠠᠨ ᠲᠡᠯᠭᠡᠨ ᠦᠵᠡᠬᠦᠯᠤᠨ᠂ ᠭᠡᠭᠡᠨ ᠰᠠᠷᠠᠭᠤᠯ | ᠢᠷᠡᠭᠡᠳᠤᠢ ᠪᠠᠨ ᠪᠠᠷᠠᠯᠠᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭᠠᠨ ᠳᠠᠭᠠᠨ ᠬᠦᠳᠡᠯᠮᠤᠷᠢ ᠶᠢᠨ ᠵᠢᠱᠢᠶᠡᠴᠢ 40 | ᠬᠦᠮᠤᠨ᠂ ᠠᠮᠢ ᠠᠬᠤᠢ ᠶᠢᠨ ᠬᠠᠮᠠᠭᠠᠯᠠᠯᠳᠠ ᠶᠢᠨ ᠵᠢᠱᠢᠶᠡᠴᠢ ᠡᠷᠤᠬᠡ 6 ᠨᠡᠷᠡᠰ᠂ ᠪᠠᠶᠠᠵᠢᠯ ᠤᠨ ᠲᠠᠭᠠᠭᠤᠯᠤᠭᠴᠢ 6 | ᠨᠡᠷᠡᠰ᠂ ᠰᠢᠯᠢᠳᠡᠭ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠵᠠᠯᠭᠠᠮᠵᠢᠯᠠᠭᠴᠢ 6 ᠨᠡᠷᠡᠰ᠂ | ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠲᠡᠷᠢᠬᠦᠨ ᠤ ᠬᠤᠪᠢ ᠬᠦᠮᠤᠨ 3 ᠨᠡᠷᠡᠰ᠂ ᠤᠨᠴᠠ ᠬᠤᠪᠢ ᠨᠡᠮᠡᠷᠢ | ᠦᠵᠡᠬᠦᠯᠥᠭᠰᠡᠨ 10 ᠨᠡᠷᠡᠰ ᠵᠡᠷᠭᠡ ᠲᠠᠷᠢᠬᠦᠨ ᠤ ᠵᠢᠱᠢᠶᠡᠴᠢ ᠬᠦᠮᠤᠰ ᠢ ᠱᠠᠩᠨᠠᠨ ᠬᠦᠬᠢᠬᠦᠯᠤᠨ᠂ ᠤᠯᠠᠨ ᠲᠦᠮᠡᠨ ᠤ | ᠡᠬᠡ ᠤᠯᠤᠰ ᠲᠠᠭᠠᠨ ᠦᠨᠡᠨᠴᠢ ᠰᠢᠳᠤᠷᠭᠤ ᠪᠠ ᠦᠨᠳᠤᠰᠤᠨ ᠱᠠᠳᠤᠨ ᠤ ᠠᠵᠢᠯ ᠦᠢᠯᠡᠰ ᠲᠤ ᠬᠦᠨᠵᠡᠭᠡᠶᠢᠷᠡᠬᠦ ᠡᠷᠬᠢᠮ | ᠲᠡᠭᠡᠳᠤ ᠦᠵᠡᠯ ᠰᠠᠨᠠᠭ᠎ᠠ ᠶᠢ ᠨᠢ ᠲᠠᠭᠠᠨ ᠰᠤᠷᠤᠯᠴᠠᠬᠤ ᠶᠢ ᠤᠷᠢᠶᠠᠯᠠᠭᠰᠠᠨ ᠪᠠᠶᠢᠨ᠎ᠠ᠃ | |