ᠡᠮᠦᠨᠡᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠴᠢᠶᠠᠨ ᠤ ᠮᠠᠰᠢᠨ ᠲᠠᠷᠬᠡ ᠶᠢ ᠴᠡᠭᠴᠡᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/10/9
      ᠠᠴᠢᠶᠠᠨ ᠤ ᠮᠠᠰᠢᠨ ᠲᠡᠷᠬᠡ ᠶᠢᠨ ᠵᠠᠮ ᠬᠠᠷᠢᠯᠴᠠᠭᠠᠨ ᠤ ᠡ᠊ᠨᠳᠡᠯ ᠭᠠᠷᠬᠤ ᠶᠢ ᠪᠦᠳᠦᠮᠵᠢᠳᠡᠢ ᠬᠤᠷᠢᠬᠯᠠᠵᠦ᠂ ᠵᠠᠮ ᠬᠠᠷᠢᠯᠴᠠᠭᠠᠨ ᠤ ᠠᠮᠦᠷ ᠲᠦᠪᠰᠢᠨ ᠤ ᠲᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠪᠠᠷ ᠤᠶᠢᠷ᠎ᠠ ᠳᠤ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠲᠤᠮᠤ ᠠᠴᠢᠶᠠᠨ ᠤ ᠮᠠᠰᠢᠨ ᠲᠠᠷᠬᠡ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠵᠦ᠂ ᠤᠯᠠᠨ ᠲᠦᠮᠡᠨ ᠤ ᠨᠠᠭᠠᠰᠢ ᠴᠠᠭᠠᠰᠢ ᠶᠠᠪᠤᠬᠤ ᠳᠤ ᠠᠮᠦᠷ ᠲᠦᠪᠰᠢᠨ ᠤᠷᠴᠢᠨ ᠲᠤᠭᠤᠷᠢᠨ ᠬᠠᠩᠭᠠᠵᠦ ᠪᠠᠶᠢᠨ᠎ᠠ᠃     ᠲᠤᠰ ᠶᠡᠭᠡ ᠠᠩᠬᠢ ᠬᠠᠷᠢᠶᠠᠳᠤ ᠤᠷᠤᠨ ᠤ ᠪᠠᠨ ᠤᠯᠤᠰ ᠤᠨ ᠲᠡᠰ ᠤᠨ ᠵᠠᠰᠠᠮᠠᠯ ᠵᠠᠮ᠂ ᠮᠤᠵᠢ ᠶᠢᠨ ᠲᠡᠰ ᠤᠨ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠵᠠᠮ ᠤᠨ ᠬᠡᠰᠡᠭ ᠲᠤ ᠵᠢᠵᠢᠬᠦᠷᠯᠡᠬᠦ ᠴᠡᠭ ᠲᠤᠬᠢᠷᠠᠭᠤᠯᠵᠦ᠂ ︽ᠡᠳᠦᠷ + ᠰᠦᠨᠢ︾᠂ ︽ᠲᠤᠬᠳᠠᠬᠰᠠᠨ ᠴᠡᠭ + ᠲᠤᠭᠤᠷᠢᠨ ᠴᠠᠬᠳᠠᠬᠤ︾ ᠶᠢ ᠤᠶᠠᠯᠳᠤᠭᠤᠯᠬᠤ ᠵᠠᠬᠪᠦᠷ ᠢ ᠬᠡᠷᠡᠭᠵᠢᠭᠦᠯᠵᠦ᠂ ᠴᠠᠬᠳᠠᠭᠠᠨ ᠤ ᠬᠦᠴᠦᠨ ᠢᠶᠠᠨ ᠲᠦᠪᠯᠡᠷᠡᠬᠦᠯᠵᠦ᠂ ᠠᠴᠢᠶᠠᠨ ᠤ ᠮᠠᠰᠢᠨ ᠲᠡᠷᠭᠡ ᠨᠢ ᠬᠡᠳᠦᠷᠡᠳᠡᠯ᠎ᠡ ᠪᠠᠷᠠᠭ᠎ᠠ ᠠᠴᠢᠬᠤ᠂ ᠵᠢᠯᠤᠭᠤᠴᠢ ᠨᠢ ᠦᠨᠡᠮᠯᠡᠯ ᠦᠬᠡᠢ ᠪᠠᠷ ᠲᠡᠷᠬᠡ ᠵᠢᠯᠤᠭᠤᠳᠬᠤ ᠪᠠ ᠶᠠᠳᠠᠷᠠᠭ᠎ᠠ ᠲᠠᠢ ᠪᠠᠷ ᠲᠡᠷᠬᠡ ᠵᠢᠯᠤᠭᠤᠳᠬᠤ ᠵᠡᠷᠭᠡ ᠬᠠᠤᠯᠢ ᠠᠴᠠ ᠵᠦᠷᠢᠴᠡᠵᠦ ᠪᠠᠶᠢᠭ᠎ᠠ ᠠᠵᠢᠯᠯᠠᠭ᠎ᠠ ᠶᠢ ᠴᠢᠩᠭ᠎ᠠ ᠪᠠᠶᠢᠴᠠᠭᠠᠵᠥ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号