ᠡᠮᠤᠨᠡᠳᠤ ᠬᠤᠰᠢᠭᠤ ᠬᠤᠪᠢᠰᠬᠠᠯᠳᠦ ᠦᠷᠡᠭᠳᠡᠭᠰᠡᠨ ᠪᠠᠭᠠᠳᠤᠷᠴᠤᠳ ᠤᠨ ᠨᠡᠶᠢᠳᠠ ᠶᠢᠨ ᠲᠠᠬᠢᠯᠭ᠎ᠠ ᠬᠢᠪᠡ
ᠨᠡᠶᠢᠲᠡᠯᠡᠭᠰᠡᠨ ᠴᠠᠭ᠄
2024/10/9
     9 ᠰᠠᠷ᠎ᠠ ᠶᠢᠨ 30 ᠤ ᠡᠳᠤᠷ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠲᠤᠰ ᠬᠤᠰᠢᠭᠤᠨ ᠤ ᠪᠤᠷᠭᠠᠰᠤᠳᠠᠢ ᠰᠢᠶᠠᠩ ᠤᠨ ᠬᠤᠪᠢᠰᠬᠠᠯᠳᠥ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠠᠭᠤᠳᠠᠮ ᠲᠠᠯᠠᠪᠠᠢ ᠳᠤ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠨᠡᠶᠢᠳᠠ ᠶᠢᠨ ᠲᠠᠬᠢᠯᠭ᠎ᠠ ᠬᠢᠪᠡ᠃ ᠡᠮᠤᠨᠡᠳᠤ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠤᠯᠤᠨ ᠡᠯ᠎ᠠ ᠡᠳᠡᠭᠡᠳ ᠤᠨ ᠲᠦᠯᠤᠭᠡᠯᠡᠭᠴᠢᠳ ᠲᠤᠰ ᠤᠳᠠᠭᠠᠨ ᠤ ᠲᠠᠬᠢᠯᠭ᠎ᠠ ᠳᠤ ᠤᠷᠤᠯᠴᠠᠵᠤ᠂ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠠᠭᠤᠤ ᠶᠡᠭᠡ ᠭᠠᠪᠢᠶ᠎ᠠ ᠵᠢᠳᠬᠦᠯ ᠢ ᠬᠦᠨᠵᠡᠭᠡᠢ ᠲᠤᠷᠠᠰᠬᠠᠨ ᠰᠠᠨᠠᠭᠠᠯᠵᠠᠵᠤ᠂ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠡᠷᠬᠢᠮ ᠲᠡᠭᠡᠳᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠᠨ ᠢᠯᠡᠳᠭᠡᠪᠡ᠃     ᠦᠳᠠ ᠶᠢᠨ ᠡᠮᠤᠨᠡᠬᠢ 8 ᠴᠠᠭ ᠤᠨ ᠦᠶ᠎ᠠ ᠪᠠᠷ᠂ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠨᠡᠶᠢᠳᠠ ᠶᠢᠨ ᠲᠠᠬᠢᠯᠭ᠎ᠠ ᠶᠢᠨ ᠶᠤᠰᠤᠯᠠᠯ ᠵᠢᠩᠬᠢᠨᠢ ᠪᠠᠷ ᠡᠬᠢᠯᠡᠵᠤ᠂ ᠶᠤᠰᠤᠯᠠᠯ ᠳᠤ ᠤᠷᠤᠯᠴᠠᠭᠰᠠᠳ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠥᠯᠳᠡ ᠲᠠᠭᠤᠤ ᠶᠢ ᠲᠠᠭᠤᠯᠠᠵᠤ᠂ ᠲᠠᠷᠠᠭ᠎ᠠ ᠳᠤᠨᠢ ᠪᠦᠬᠦ ᠲᠠᠯᠠᠪᠠᠢ ᠶᠢᠨ ᠬᠦᠮᠤᠰ ᠬᠢᠴᠢᠶᠡᠩᠭᠦᠶᠢᠯᠡᠨ ᠵᠤᠭᠰᠤᠵᠤ᠂ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠢ ᠨᠠᠮᠠᠨᠴᠢᠯᠠᠨ ᠭᠠᠰᠢᠭᠤᠳᠠᠪᠠ᠃ ᠨᠠᠮᠠᠨᠴᠢᠯᠠᠨ ᠭᠠᠰᠢᠭᠤᠳᠠᠬᠤ ᠶᠤᠰᠤᠯᠠᠯ ᠤᠨ ᠲᠠᠷᠠᠭ᠎ᠠ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠬᠦᠳ ︽ᠪᠢᠳᠠ ᠪᠤᠯ ᠡᠪ ᠬᠠᠮᠳᠤ ᠶᠤᠰᠤᠨ ᠤ ᠵᠠᠯᠭᠠᠮᠵᠢᠯᠠᠭᠴᠢ︾ ᠭᠡᠬᠦ ᠲᠠᠭᠤᠤ ᠶᠢ ᠲᠠᠭᠤᠯᠠᠪᠠ᠃ ᠵᠡᠪᠰᠡᠭᠳᠤ ᠴᠠᠭᠳᠠᠭ᠎ᠠ ᠶᠢᠨ ᠴᠡᠷᠢᠭ ᠪᠠᠶᠢᠯᠳᠤᠭᠴᠢ ᠦᠷᠡᠭᠳᠡᠭᠰᠡᠨ ᠪᠠᠭᠠᠳᠤᠷᠴᠤᠳ ᠲᠤ ᠰᠠᠭᠰᠤᠳᠤ ᠴᠡᠴᠡᠭ ᠬᠦᠷᠭᠡᠨ᠂ ᠡᠮᠤᠨᠡᠳᠤ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠰᠠᠭᠰᠤᠳᠤ ᠴᠡᠴᠡᠭ ᠤᠨ ᠲᠤᠷᠭᠠᠨ ᠪᠦᠴᠠ ᠶᠢ ᠨᠢᠮᠪᠠᠢ ᠲᠡᠭᠰᠢᠯᠡᠨ᠂ ᠶᠤᠰᠤᠯᠠᠯ ᠳᠤ ᠤᠷᠤᠯᠴᠠᠭᠰᠠᠨ ᠪᠦᠬᠦᠳᠡᠭᠡᠷ ᠢᠶᠠᠨ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠬᠦᠰᠢᠶ᠎ᠠ ᠶᠢ ᠪᠠᠷᠠᠯᠠᠪᠠ᠃ ᠲᠠᠬᠢᠯᠭ᠎ᠠ ᠳᠤ ᠤᠷᠤᠯᠴᠠᠭᠰᠠᠳ ᠦᠷᠡᠭᠳᠡᠭᠰᠡᠨ ᠪᠠᠭᠠᠳᠤᠷᠴᠤᠳ ᠲᠤ ᠰᠤᠷᠭᠤᠭ ᠴᠡᠴᠡᠭ ᠬᠦᠷᠭᠡᠨ᠂ ᠲᠡᠬᠢᠨ ᠡᠮᠤᠨᠡᠳᠤ ᠬᠤᠰᠢᠭᠤᠨ ᠤ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠤᠷᠳᠤᠨ ᠳᠤ ᠬᠦᠷᠴᠤ᠂ ᠡᠮᠤᠨᠡᠳᠤ ᠬᠤᠰᠢᠭᠤᠨ ᠤ ᠡᠯ᠎ᠠ ᠦᠨᠳᠤᠰᠤᠳᠡᠨ ᠤ ᠤᠯᠠᠨ ᠲᠦᠮᠡᠨ ᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ ᠢᠯᠠᠯᠳᠠ ᠤᠯᠤᠭᠰᠠᠨ ᠲᠡᠥᠬᠡ ᠪᠠ ᠠᠳᠠᠯᠢ ᠪᠤᠰᠤ ᠬᠤᠭᠤᠴᠠᠭᠠᠨ ᠳᠤ ᠦᠨᠳᠤᠰᠤᠳᠡᠨ ᠤ ᠴᠢᠯᠤᠭᠡᠯᠡᠯᠳᠠ᠂ ᠠᠷᠠᠳ ᠲᠦᠮᠡᠨ ᠤ ᠴᠢᠯᠤᠭᠡᠯᠡᠯᠳᠠ ᠪᠠ ᠡᠬᠡ ᠤᠯᠤᠰ ᠤᠨ ᠪᠠᠶᠠᠨ ᠬᠦᠴᠤᠷᠬᠡᠭ᠂ ᠠᠷᠠᠳ ᠲᠦᠮᠡᠨ ᠤ ᠵᠤᠯ ᠵᠢᠷᠭᠠᠯ ᠤᠨ ᠲᠦᠯᠤᠭᠡ 85 ᠦᠷᠡᠭᠳᠡᠭᠰᠡᠨ ᠪᠠᠭᠠᠳᠤᠷ ᠤᠨ ᠦᠢᠯᠠ ᠠᠵᠢᠯᠯᠠᠭ᠎ᠠ ᠶᠢ ᠪᠡᠶᠡᠴᠢᠯᠡᠨ ᠤᠶᠢᠯᠠᠭᠠᠭᠰᠠᠨ ᠪᠠᠶᠢᠨ᠎ᠠ᠃       ︽ᠲᠤᠰ ᠤᠳᠠᠭᠠᠨ ᠤ ᠠᠵᠢᠯᠯᠠᠭᠠᠨ ᠳᠤ ᠤᠷᠤᠯᠴᠠᠭᠠᠳ ᠮᠠᠰᠢ ᠬᠦᠨ ᠲᠦᠷᠥᠭᠳᠡᠯ ᠲᠠᠢ᠂ ᠡᠮᠤᠨᠡᠳᠤ ᠬᠤᠰᠢᠭᠤᠨ ᠤ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠤᠷᠳᠤᠨ ᠠᠴᠠ ᠲᠤᠰ ᠬᠤᠰᠢᠭᠤᠨ ᠤ ᠲᠡᠥᠬᠡᠨ ᠤᠯᠠ ᠮᠦᠷ ᠢ ᠬᠦᠢᠴᠡᠳ ᠤᠶᠢᠯᠠᠭᠠᠵᠦ᠂ ᠦᠷᠡᠭᠳᠡᠭᠰᠡᠨ ᠪᠠᠭᠠᠳᠤᠷᠴᠤᠳ ᠤᠨ ᠬᠠᠯᠠᠭᠤᠨ ᠴᠢᠰᠤ ᠪᠠᠷ ᠰᠤᠯᠢᠵᠤ ᠠᠪᠴᠢᠷᠠᠬᠰᠠᠨ ᠤᠳᠤ ᠶᠢᠨ ᠠᠮᠢᠳᠤᠷᠠᠯ ᠢᠶᠠᠨ ᠬᠠᠶᠢᠷᠠᠯᠠᠨ ᠨᠠᠨᠳᠢᠩᠨᠠᠬᠤ ᠰᠡᠳᠭᠢᠯᠬᠡ ᠤᠯᠠᠮ ᠢᠶᠠᠷ ᠴᠢᠩᠭᠠᠷᠠᠵᠠᠢ︾ ᠭᠡᠵᠤ ᠠᠬᠠᠮᠠᠳ ᠴᠡᠷᠢᠭ ᠪᠤᠤ ᠵᠢᠶᠠᠨ ᠡᠣ ᠶᠠᠷᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号