ᠡᠮᠦᠨᠡᠳᠤ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠠᠮᠦᠷ ᠲᠦᠪᠰᠢᠨ ᠤ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2024/10/9
     ᠠᠮᠠᠷᠬᠠᠨ ᠨᠤᠴᠤᠵᠦ ᠲᠡᠯᠪᠡᠷᠡᠬᠦ ᠲᠠᠯᠠᠪᠦᠷ ᠭᠠᠵᠠᠷ ᠤᠨ ᠭᠠᠯ ᠢ ᠰᠡᠷᠬᠡᠶᠢᠯᠡᠵᠦ ᠭᠠᠯ ᠤᠨᠳᠠᠷᠠᠭᠠᠬᠤ ᠠᠵᠢᠯ ᠢ ᠰᠠᠶᠢᠳᠦᠷ ᠬᠢᠵᠦ᠂ ᠠᠮᠦᠷ ᠲᠦᠪᠰᠢᠨ ᠤ ᠬᠠᠮᠢᠶᠠᠷᠦᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠂ ᠭᠠᠯ ᠤᠨ ᠠᠶᠤᠯ ᠤᠨ ᠡ᠊ᠨᠳᠡᠯ ᠡᠬᠦᠰᠬᠦ ᠶᠢ ᠡᠷᠡᠰ ᠰᠡᠷᠬᠡᠶᠢᠯᠡᠬᠦ ᠪᠠᠷ ᠤᠶᠢᠷ᠎ᠠ ᠳᠤ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠶᠢᠨ ᠬᠢᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠳ᠋ᠠᠱᠢᠵᠠᠢ ᠦᠢᠯᠡᠴᠢᠯᠡᠬᠡᠨ ᠤ ᠭᠠᠵᠠᠷ ᠤᠨ ᠲᠤᠰᠤ ᠨᠡᠮᠡᠬᠦ ᠦᠷᠳᠡᠬᠡᠨ ᠳᠤ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠮᠦᠷ ᠲᠦᠪᠰᠢᠨ ᠤ ᠪᠠᠶᠢᠴᠠᠭᠠᠯᠳᠠ ᠦᠷᠨᠢᠬᠦᠯᠵᠡᠢ᠃      ᠶᠡᠭᠡ ᠠᠩᠬᠢ ᠶᠢᠨ ᠭᠠᠯ ᠰᠡᠷᠬᠡᠶᠢᠯᠡᠵᠦ ᠤᠨᠳᠠᠷᠠᠭᠠᠬᠤ ᠠᠵᠢᠯ ᠳᠤ ᠬᠢᠨᠠᠯᠳᠠ ᠲᠠᠯᠪᠢᠬᠴᠢ ᠠᠴᠠ ᠪᠠᠶᠢᠭᠤᠯᠭ᠎ᠠ ᠶᠢᠨ ᠭᠠᠯ ᠰᠡᠷᠬᠡᠶᠢᠯᠡᠵᠦ ᠭᠠᠯ ᠤᠨᠳᠠᠷᠠᠭᠠᠬᠤ ᠬᠠᠮᠢᠶᠠᠷᠦᠯᠳᠠ ᠶᠢᠨ ᠲᠦᠷᠢᠮ ᠪᠠ ᠠᠮᠦᠷ ᠲᠦᠪᠰᠢᠨ ᠢᠶᠠᠷ ᠠᠵᠢᠯᠯᠠᠬᠤ ᠲᠤᠬᠳᠠᠭᠠᠯ ᠲᠤᠬᠳᠠᠭᠠᠬᠰᠠᠨ ᠡᠰᠡᠬᠦ᠂ ᠭᠠᠯ ᠰᠡᠷᠬᠡᠶᠢᠯᠡᠵᠦ ᠤᠨᠳᠠᠷᠠᠭᠠᠬᠤ ᠬᠠᠷᠢᠭᠤᠴᠠᠯᠭ᠎ᠠ ᠶᠢᠨ ᠲᠦᠷᠢᠮ ᠢ ᠲᠤᠭᠤᠰᠢᠯᠠᠭᠤᠯᠤᠬᠰᠠᠨ ᠡᠰᠡᠬᠦ᠂ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠲᠠᠩᠰᠠ ᠪᠠᠶᠢᠭᠤᠯᠤᠬᠰᠠᠨ ᠡᠰᠡᠬᠦ᠂ ᠭᠠᠯ ᠰᠡᠷᠬᠡᠶᠢᠯᠡᠵᠦ ᠤᠨᠳᠠᠷᠠᠭᠠᠬᠤ ᠲᠤᠨᠤᠭ ᠲᠦᠬᠦᠭᠡᠷᠦᠮᠵᠢ ᠶᠢ ᠲᠤᠬᠳᠠᠭᠠᠯ ᠶᠤᠰᠤᠭᠠᠷ ᠤᠬᠰᠠᠷᠠᠬᠰᠠᠨ ᠡᠰᠡᠬᠦ ᠂ ᠭᠠᠯ ᠰᠡᠷᠬᠡᠶᠢᠯᠡᠵᠦ ᠤᠨᠳᠠᠷᠠᠭᠠᠬᠤ ᠬᠡᠷᠡᠭᠯᠡᠬᠦᠷ ᠢᠶᠠᠨ ᠲᠤᠬᠳᠠᠬᠰᠠᠨ ᠬᠤᠭᠤᠴᠠᠭ᠎ᠠ ᠲᠠᠢ ᠪᠠᠶᠢᠴᠠᠭᠠᠵᠤ ᠪᠠᠶᠢᠬᠤ ᠡᠰᠡᠬᠦ ᠂ ᠠᠵᠢᠯᠳᠠᠨ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ︽ᠲᠦᠷᠪᠡᠨ ᠴᠢᠳᠠᠪᠦᠷᠢ︾ ᠶᠢ ᠪᠤᠯᠪᠠᠰᠦᠷᠠᠩᠭᠤᠢ ᠡᠵᠡᠮᠰᠢᠭᠰᠡᠨ ᠡᠰᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠯᠳᠠ ᠬᠢᠵᠦ᠂ ᠠᠮᠠᠷᠬᠠᠨ ᠨᠤᠴᠤᠵᠦ ᠲᠡᠯᠪᠡᠷᠡᠬᠦ ᠲᠠᠯᠠᠪᠦᠷ ᠭᠠᠵᠠᠷ ᠤᠨ ᠤᠨᠴᠠᠯᠢᠭ ᠲᠤ ᠴᠢᠭᠯᠡᠬᠦᠯᠦᠨ᠂ ᠡᠳᠦᠷ ᠲᠤᠳᠤᠮ ᠤᠨ ᠬᠠᠮᠢᠶᠠᠷᠦᠯᠳᠠ ᠳᠤ ᠤᠷᠤᠰᠢᠵᠦ ᠪᠠᠶᠢᠭ᠎ᠠ ᠠᠰᠠᠭᠤᠳᠠᠯ ᠳᠤ ᠨᠠᠷᠢᠯᠢᠭ ᠵᠠᠳᠠᠯᠦᠯᠳᠠ ᠬᠢᠵᠠᠢ᠃ ᠪᠠᠰᠠ ᠪᠠᠶᠢᠴᠠᠭᠠᠯᠳᠠ ᠳᠤ ᠤᠯᠵᠦ ᠮᠡᠳᠡᠭᠰᠡᠨ ᠭᠠᠯ ᠰᠡᠷᠬᠡᠶᠢᠯᠡᠬᠦ ᠲᠤᠬᠠᠢ ᠲᠡᠮᠳᠡᠭᠯᠡᠯ ᠢᠶᠠᠨ ᠴᠠᠭ ᠲᠤᠬᠠᠢ ᠳᠤᠨᠢ ᠰᠢᠨᠡᠳᠭᠡᠭᠰᠡᠨ ᠦᠬᠡᠢ᠂ ᠠᠵᠢᠯᠳᠠᠨ ᠤ ᠪᠤᠯᠪᠠᠰᠦᠷᠠᠯ ᠬᠢᠭᠰᠡᠨ ᠲᠡᠮᠳᠡᠭᠯᠡᠯ ᠲᠦᠷᠢᠮᠵᠢᠬᠦᠨ ᠪᠤᠰᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠰᠠᠨᠠᠯ ᠲᠤᠷᠠᠳᠴᠠᠢ᠃     ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠭᠤᠯᠤᠨ ᠪᠠᠶᠢᠭᠤᠯᠭ᠎ᠠ ᠶᠢᠨ ᠬᠠᠷᠢᠭᠤᠴᠠᠯᠭᠠᠳᠠᠨ ᠤ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠤᠬᠠᠮᠰᠠᠷ ᠪᠠ ᠬᠠᠷᠢᠭᠤᠴᠠᠯᠭᠠᠳᠤ ᠰᠡᠳᠭᠢᠯᠭᠡ ᠶᠢ ᠨᠡᠮᠡᠭᠳᠡᠭᠦᠯᠵᠦ᠂ ᠠᠮᠠᠷᠬᠠᠨ ᠨᠤᠴᠤᠵᠦ ᠲᠡᠯᠪᠡᠷᠡᠬᠦ ᠲᠠᠯᠠᠪᠦᠷ ᠭᠠᠵᠠᠷ ᠤᠨ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠰᠡᠷᠬᠡᠶᠢᠯᠡᠯᠳᠡ ᠶᠢᠨ ᠱᠤᠭᠤᠮ ᠢ ᠤᠯᠠᠮ ᠨᠢᠬᠡ ᠠᠯᠬᠤᠮ ᠪᠠᠳᠦᠵᠢᠭᠤᠯᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号