ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠤᠯᠠᠭᠠᠨᠮᠤᠳᠤ ᠰᠤᠮᠤ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠵᠢᠴᠢ ᠤᠯᠠᠭᠠᠨᠮᠤᠳᠤ ᠰᠤᠮᠤ ᠪᠠᠶᠢᠭᠤᠯᠤᠭᠳᠠᠭᠰᠠᠨ 40 ᠤᠨ ᠤᠢ ᠪᠠᠨ ᠪᠡᠯᠭᠡᠯᠡᠬᠦ ᠠᠵᠢᠯᠯᠠᠭ᠎ᠠ ᠪᠠᠨ ᠠᠰᠢᠳᠠᠢ ᠰᠠᠶᠢᠬᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/9
      ᠠᠳᠤᠭᠤ ᠮᠠᠯ ᠲᠠᠷᠭᠤ ᠬᠦᠴᠤ ᠪᠦᠷᠢᠳᠤᠵᠤ᠂ ᠡᠯᠪᠡᠭ ᠬᠤᠷᠢᠶᠠᠯᠳᠠ ᠶᠢᠨ ᠡᠭᠡᠰᠢᠭ ᠬᠠᠩᠬᠢᠨᠠᠭᠰᠠᠨ ᠲᠠᠩᠰᠤᠭ ᠨᠠᠮᠤᠷ ᠤᠨ ᠪᠠᠶᠠᠨ ᠤᠯᠠᠷᠢᠯ ᠤᠨ 9 ᠰᠠᠷ᠎ᠠ ᠶᠢᠨ 30 ᠤ ᠡᠳᠤᠷ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠵᠢᠴᠢ ᠤᠯᠠᠭᠠᠨᠮᠤᠳᠤ ᠰᠤᠮᠤ ᠪᠠᠶᠢᠭᠤᠯᠤᠭᠳᠠᠭᠰᠠᠨ 40 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠤᠯᠠᠭᠠᠨᠮᠤᠳᠤ ᠰᠤᠮᠤ ᠶᠢᠨ ᠤᠯᠠᠮᠵᠢᠯᠠᠯᠳᠤ ᠪᠡᠶ᠎ᠠ ᠲᠠᠮᠢᠷ ᠤᠨ ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠲᠤ ᠠᠰᠢᠳᠠᠢ ᠰᠠᠶᠢᠬᠠᠨ ᠶᠠᠪᠤᠭᠳᠠᠪᠠ᠃     ᠠᠵᠢᠯᠯᠠᠭ᠎ᠠ ᠨᠢ ᠬᠦᠭᠡᠷᠤᠬᠦᠨ ᠴᠤᠪᠤᠭᠤᠯᠢᠭ ᠬᠡᠥᠬᠡᠳ ᠤᠨ ᠪᠦᠵᠢᠭ ᠤᠨ ᠲᠤᠮᠳᠠ ᠡᠬᠢᠯᠡᠵᠤ᠂ ᠤᠯᠤᠰ ᠤᠨ ᠲᠤᠭ ᠤᠨ ᠠᠩᠬᠢ᠂ ᠡᠮᠤᠨᠡᠳᠤ ᠬᠤᠰᠢᠭᠤᠨ ᠤ ᠲᠠᠯ᠎ᠠ ᠨᠤᠳᠤᠭ ᠢ ᠰᠠᠬᠢᠨ ᠪᠠᠷᠠᠯᠠᠬᠤ ᠴᠠᠭᠳᠠᠨ ᠰᠡᠷᠭᠡᠶᠢᠯᠡᠬᠦ ᠠᠩᠬᠢ ᠶᠢᠨ ᠤᠯᠠᠭᠠᠨᠮᠤᠳᠤ ᠳᠠᠬᠢ ᠬᠤᠪᠢᠶᠠᠷᠢ ᠠᠩᠬᠢ᠂ ᠬᠦᠳᠡᠯᠮᠤᠷᠢ ᠶᠢᠨ ᠵᠢᠱᠢᠶᠡᠴᠢ ᠶᠢᠨ ᠠᠩᠭᠢ᠂ ᠪᠤᠳᠠᠰ ᠤᠨ ᠪᠤᠰᠤ ᠰᠤᠶᠤᠯ ᠤᠨ ᠦᠪ ᠤᠨ ᠠᠩᠭᠢ ᠵᠢᠴᠢ ᠦᠪᠤᠷᠵᠢᠯᠠᠭ᠎ᠠ ᠭᠠᠴᠠᠭ᠎ᠠ᠂ ᠪᠠᠶᠠᠨᠵᠢᠶ᠋ᠷᠤᠬᠡ ᠭᠠᠴᠠᠭ᠎ᠠ᠂ ᠤᠯᠤᠰᠤᠳᠠᠢ ᠭᠠᠴᠠᠭ᠎ᠠ᠂ ᠰᠤᠭᠤᠠᠳᠠᠢ ᠭᠠᠴᠠᠭ᠎ᠠ᠂ ᠰᠠᠷᠠᠨᠳᠠᠢ ᠭᠠᠴᠠᠭ᠎ᠠ᠂ ᠤᠯᠠᠩ ᠤᠨ ᠭᠤᠤᠯ ᠭᠠᠴᠠᠭ᠎ᠠ᠂ ᠦᠪᠤᠷᠵᠢᠯᠠᠭ᠎ᠠ ᠨᠡᠶᠢᠭᠡᠮ ᠲᠤᠭᠤᠷᠢᠭ ᠤᠨ ᠲᠦᠯᠤᠭᠡᠯᠡᠭᠴᠢᠳ ᠤᠨ ᠠᠩᠬᠢ ᠭᠤᠶᠢᠳᠠ ᠰᠠᠶᠢᠬᠠᠨ ᠮᠤᠩᠭᠤᠯ ᠬᠤᠪᠴᠠᠰᠤ ᠪᠠᠷ ᠢᠶᠠᠨ ᠭᠤᠶᠤᠯᠠᠵᠤ᠂ ᠲᠠᠯᠠᠪᠠᠢ ᠳᠤ ᠤᠮᠤᠭ ᠲᠡᠬᠦᠯᠳᠡᠷ ᠢᠶᠠᠷ ᠠᠯᠬᠤᠵᠤ ᠤᠷᠤᠬᠤ ᠶᠢᠨ ᠬᠠᠮᠳᠤ ᠠᠮᠢᠳᠤᠷᠠᠯ ᠦᠢᠯᠡᠳᠪᠤᠷᠢᠯᠡᠯ ᠤᠨ ᠪᠠᠶᠢᠳᠠᠯ ᠢ ᠲᠤᠰᠬᠠᠭᠰᠠᠨ ᠴᠠᠭᠠᠨ ᠢᠳᠡᠭᠡᠨ᠂ ᠡᠮᠡᠭᠡᠯ᠂ ᠵᠠᠰᠠᠭᠳᠤ ᠬᠠᠳᠬᠤᠮᠠᠯ ᠤᠨ ᠪᠦᠳᠤᠭᠡᠯ᠂ ᠲᠦᠷᠪᠡᠨ ᠤᠳᠠᠰᠤᠳᠤ ᠬᠤᠭᠤᠷ ᠵᠡᠷᠭᠡ ᠶᠢ ᠦᠵᠡᠭᠴᠢ ᠤᠯᠠᠨ ᠳᠤ ᠰᠤᠨᠢᠷᠬᠠᠭᠤᠯᠬᠤ ᠶᠢᠨ ᠲᠠᠭᠠᠥ ᠭᠠᠴᠠᠭ᠎ᠠ ᠪᠦᠷᠢ ᠠᠴᠠ ᠭᠤᠴᠤᠯᠠᠯ ᠲᠠᠭᠤᠥ᠂ ᠲᠠᠭᠤᠥ ᠪᠦᠵᠢᠭ ᠪᠠ ᠤᠷᠳᠤ ᠶᠢᠨ ᠲᠠᠭᠤᠥ ᠵᠡᠷᠭᠡ ᠤᠷᠠᠨ ᠰᠠᠶᠢᠬᠠᠨ ᠤ ᠲᠤᠭᠯᠠᠯᠳᠠ ᠡᠷᠬᠦᠵᠤ ᠬᠦᠷᠤᠯᠴᠠᠨ ᠢᠷᠡᠭᠰᠡᠨ ᠪᠦᠬᠦᠨ ᠤ ᠬᠠᠯᠠᠭᠤᠨ ᠠᠯᠠᠭ᠎ᠠ ᠲᠠᠰᠢᠯᠳᠠ ᠶᠢ ᠬᠦᠷᠳᠡᠵᠤ ᠪᠢᠯᠠ᠃ ᠡᠬᠦᠨ ᠠᠴᠠ ᠭᠠᠳᠠᠨ᠎ᠠ᠂ ᠤᠯᠠᠭᠠᠨᠮᠤᠳᠤ ᠬᠡᠥᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠤ ᠰᠤᠷᠭᠠᠭᠤᠯᠢ ᠶᠢᠨ ᠰᠤᠷᠤᠭᠴᠢ ᠠᠴᠠ ᠴᠤᠭ ᠵᠤᠯᠢ ᠪᠠᠳᠠᠷᠠᠭᠠᠭᠰᠠᠨ ᠪᠦᠵᠢᠭ ᠢᠶᠠᠷ ᠢᠶᠠᠨ ᠰᠢᠨ᠎ᠠ ᠴᠠᠭ ᠦᠶ᠎ᠠ ᠶᠢᠨ ᠬᠡᠥᠬᠡᠳ ᠪᠠᠭᠠᠴᠤᠳ ᠤᠨ ᠲᠦᠷᠢ ᠲᠦᠷᠬᠦ ᠶᠢ ᠢᠯᠡᠷᠡᠬᠦᠯᠵᠠᠢ᠃      ︽ᠪᠢ ᠪᠤᠯ ᠤᠯᠠᠭᠠᠨᠮᠤᠳᠤ ᠨᠤᠳᠤᠭᠳᠠᠢ ᠬᠦᠮᠤᠨ᠂ 40 ᠵᠢᠯ ᠤᠨ ᠬᠤᠭᠤᠴᠠᠭᠠᠨ ᠳᠤ᠂ ᠤᠯᠠᠭᠠᠨᠮᠤᠳᠤ ᠶᠢᠨ ᠡᠯ᠎ᠠ ᠲᠠᠯ᠎ᠠ ᠶᠢᠨ ᠬᠦᠭᠵᠢᠯᠳᠠ ᠬᠤᠪᠢᠷᠠᠯᠳᠠ ᠶᠡᠭᠡᠳᠠᠢ ᠪᠠᠶᠢᠵᠤ᠂ ᠠᠷᠠᠳ ᠤᠨ ᠠᠮᠢᠳᠤᠷᠠᠯ ᠤᠯᠠᠮ ᠢᠶᠠᠷ ᠰᠠᠶᠢᠵᠢᠷᠠᠯ᠎ᠠ᠂ ᠪᠢᠳᠠᠨ ᠤ ᠠᠮᠢᠳᠤᠷᠠᠯ ᠨᠡᠩ ᠪᠠᠶᠠᠷ ᠵᠢᠷᠭᠠᠯ ᠲᠠᠢ ᠪᠤᠯᠵᠠᠢ︾ ᠭᠡᠵᠤ ᠤᠯᠠᠭᠠᠨᠮᠤᠳᠤ ᠰᠤᠮᠤ ᠶᠢᠨ ᠮᠠᠯᠴᠢᠨ ᠰᠢᠥ ᠶᠦᠨ ᠶᠠᠷᠢᠨ᠎ᠠ᠃40 ᠵᠢᠯ ᠤᠨ ᠲᠤᠷᠰᠢ᠂ ᠤᠯᠠᠭᠠᠨᠮᠤᠳᠤ ᠰᠤᠮᠤ ᠨᠢ ᠦᠭᠡᠷᠡᠴᠢᠯᠡᠯᠳᠠ ᠨᠡᠭᠡᠭᠡᠯᠳᠠ ᠶᠢᠨ ᠠᠶᠠᠨ ᠳᠤ ᠲᠡᠭᠷᠢ ᠭᠠᠵᠠᠷ ᠢ ᠲᠤᠩᠰᠤᠯᠭᠠᠬᠰᠠᠨ ᠬᠤᠪᠢᠷᠠᠯᠳᠠ ᠭᠠᠷᠴᠠᠢ᠃ ᠤᠯᠠᠭᠠᠨᠮᠤᠳᠤ ᠰᠤᠮᠤ ᠶᠢᠨ ᠮᠠᠯ ᠤᠨᠤᠭ᠎ᠠ ᠶᠢᠨ ᠲᠤᠭ᠎ᠠ 9.23 ᠲᠦᠮᠡ ᠠᠴᠠ 38 ᠲᠦᠮᠡ ᠪᠤᠯᠤᠨ ᠨᠡᠮᠡᠭᠳᠡᠵᠤ᠂ ᠪᠤᠷᠤᠯᠠᠭᠤᠯᠤᠭᠰᠠᠨ ᠬᠡᠮᠵᠢᠶ᠎ᠠ ᠪᠠ ᠮᠢᠬ᠎ᠠ᠂ ᠰᠦ᠂ ᠠᠷᠠᠰᠤ ᠵᠡᠷᠭᠡ ᠮᠠᠯ ᠤᠨ ᠠᠰᠢᠭ ᠰᠢᠮ᠎ᠠ ᠶᠢᠨ ᠦᠢᠯᠡᠳᠬᠦᠨ ᠶᠡᠭᠡ ᠬᠡᠪᠴᠢᠶ᠎ᠠ ᠪᠠᠷ ᠨᠡᠮᠡᠭᠳᠡᠵᠤ᠂ ᠮᠠᠯᠴᠢᠳ ᠤᠨ ᠤᠷᠤᠯᠭ᠎ᠠ ᠬᠦᠮᠤᠨ ᠲᠤᠮᠳᠠᠴᠢ ᠶᠢᠨ 548.84 ᠲᠦᠬᠦᠷᠢᠭ ᠠᠴᠠ 31032 ᠲᠦᠬᠦᠷᠢᠭ ᠪᠤᠯᠵᠤ ᠨᠡᠮᠡᠭᠳᠡᠵᠠᠢ᠃ ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠮᠤᠳᠤ ᠶᠢᠨ ᠲᠠᠯ᠎ᠠ ᠨᠤᠳᠤᠭ ᠤᠨ ᠵᠢᠭᠤᠯᠴᠢᠯᠠᠯ ᠤᠨ ᠠᠵᠤ ᠦᠢᠯᠡᠰ ᠤᠯᠠᠮ ᠢᠶᠠᠷ ᠬᠦᠭᠵᠢᠵᠤ᠂ ᠭᠠᠭᠴᠠ ᠡᠨᠡ ᠵᠢᠯ ᠤᠨ ᠬᠢᠨᠭ᠍ᠭᠠᠨ ᠠᠶᠢᠮᠠᠬ ᠤᠨ ᠨᠠᠭᠠᠳᠤᠮ ᠤᠨ ᠬᠤᠭᠤᠴᠠᠭᠠᠨ ᠳᠤ᠂ ᠵᠢᠭᠤᠯᠴᠢᠯᠠᠭᠰᠠᠳ ᠤᠨ ᠲᠤᠭ᠎ᠠ 120 ᠲᠦᠮᠡᠨ ᠬᠦᠮᠤᠨ ︵ᠤᠳᠠᠭ᠎ᠠ︶ ᠳᠤ ᠲᠤᠯᠵᠤ᠂ ᠵᠢᠭᠤᠯᠴᠢᠯᠠᠯ ᠤᠨ ᠤᠷᠤᠯᠭ᠎ᠠ 12.2 ᠳ᠋ᠦᠩᠰᠢᠭᠤᠷ ᠲᠦᠬᠦᠷᠢᠭ ᠢ ᠪᠡᠶᠡᠯᠡᠬᠦᠯᠤᠨ᠂ 1.3 ᠭᠠᠷᠤᠢ ᠲᠦᠮᠡᠨ ᠬᠦᠮᠤᠨ ᠤ ᠠᠵᠢᠯ ᠤᠯᠭᠤᠯᠳᠠ ᠶᠢ ᠲᠠᠶᠢᠴᠢᠯᠠᠭᠰᠠᠨ ᠪᠠᠶᠢᠨ᠎ᠠ᠃       ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠪᠠᠶᠠᠷᠳᠤ ᠴᠠᠭ ᠮᠦᠴᠠ ᠳᠤ ᠤᠯᠠᠭᠠᠨᠮᠤᠳᠤ ᠰᠤᠮᠤ ᠨᠢ ᠲᠤᠰ ᠠᠵᠢᠯᠯᠠᠭ᠎ᠠ ᠪᠠᠷ ᠲᠠᠮᠵᠢᠭᠤᠯᠵᠦ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢ ᠠᠬᠢᠭᠤᠯᠵᠤ᠂ 40 ᠵᠢᠯ ᠤᠨ ᠬᠦᠭᠵᠢᠯᠳᠠ ᠬᠤᠪᠢᠷᠠᠯᠳᠠ ᠪᠠᠨ ᠲᠡᠯᠭᠡᠨ ᠦᠵᠡᠬᠦᠯᠤᠨ᠂ ᠭᠡᠭᠡᠨ ᠰᠠᠷᠠᠭᠤᠯ ᠢᠷᠡᠭᠡᠳᠤᠢ ᠪᠠᠨ ᠪᠠᠷᠠᠯᠠᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭᠠᠨ ᠳᠠᠭᠠᠨ ᠬᠦᠳᠡᠯᠮᠤᠷᠢ ᠶᠢᠨ ᠵᠢᠱᠢᠶᠡᠴᠢ 40 ᠬᠦᠮᠤᠨ᠂ ᠠᠮᠢ ᠠᠬᠤᠢ ᠶᠢᠨ ᠬᠠᠮᠠᠭᠠᠯᠠᠯᠳᠠ ᠶᠢᠨ ᠵᠢᠱᠢᠶᠡᠴᠢ ᠡᠷᠤᠬᠡ 6 ᠨᠡᠷᠡᠰ᠂ ᠪᠠᠶᠠᠵᠢᠯ ᠤᠨ ᠲᠠᠭᠠᠭᠤᠯᠤᠭᠴᠢ 6 ᠨᠡᠷᠡᠰ᠂ ᠰᠢᠯᠢᠳᠡᠭ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠵᠠᠯᠭᠠᠮᠵᠢᠯᠠᠭᠴᠢ 6 ᠨᠡᠷᠡᠰ᠂ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠲᠡᠷᠢᠬᠦᠨ ᠤ ᠬᠤᠪᠢ ᠬᠦᠮᠤᠨ 3 ᠨᠡᠷᠡᠰ᠂ ᠤᠨᠴᠠ ᠬᠤᠪᠢ ᠨᠡᠮᠡᠷᠢ ᠦᠵᠡᠬᠦᠯᠥᠭᠰᠡᠨ 10 ᠨᠡᠷᠡᠰ ᠵᠡᠷᠭᠡ ᠲᠠᠷᠢᠬᠦᠨ ᠤ ᠵᠢᠱᠢᠶᠡᠴᠢ ᠬᠦᠮᠤᠰ ᠢ ᠱᠠᠩᠨᠠᠨ ᠬᠦᠬᠢᠬᠦᠯᠤᠨ᠂ ᠤᠯᠠᠨ ᠲᠦᠮᠡᠨ ᠤ ᠡᠬᠡ ᠤᠯᠤᠰ ᠲᠠᠭᠠᠨ ᠦᠨᠡᠨᠴᠢ ᠰᠢᠳᠤᠷᠭᠤ ᠪᠠ ᠦᠨᠳᠤᠰᠤᠨ ᠱᠠᠳᠤᠨ ᠤ ᠠᠵᠢᠯ ᠦᠢᠯᠡᠰ ᠲᠤ ᠬᠦᠨᠵᠡᠭᠡᠶᠢᠷᠡᠬᠦ ᠡᠷᠬᠢᠮ ᠲᠡᠭᠡᠳᠤ ᠦᠵᠡᠯ ᠰᠠᠨᠠᠭ᠎ᠠ ᠶᠢ ᠨᠢ ᠲᠠᠭᠠᠨ ᠰᠤᠷᠤᠯᠴᠠᠬᠤ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号