ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠡᠮᠤᠨᠡᠳᠤ ᠬᠤᠰᠢᠭᠤᠨ ᠤ ᠠᠭᠠᠯᠢᠭ ᠠᠯᠢᠮ᠎ᠠ ᠶᠢᠨ ᠠᠵᠤ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/10/9
     ᠤᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢ ᠰᠠᠶᠢᠳᠤᠷ ᠠᠰᠢᠬᠯᠠᠵᠦ᠂ ᠰᠢᠨ᠎ᠠ ᠶᠢ ᠡᠬᠦᠳᠬᠦ ᠬᠦᠴᠤᠨ ᠢ ᠢᠳᠡᠪᠬᠢᠳᠠᠢ ᠤᠷᠮᠠᠰᠢᠭᠤᠯᠵᠤ᠂ ᠤᠢ ᠶᠢᠨ ᠵᠢᠮᠢᠰ ᠤᠨ ᠠᠵᠤ ᠦᠢᠯᠡᠰ ᠢ ᠬᠦᠭᠵᠢᠭᠦᠯᠬᠦ ᠬᠦᠴᠢᠷᠳᠠᠯ ᠢ ᠪᠦᠳᠤᠮᠵᠢᠳᠠᠢ ᠰᠶᠢᠳᠪᠤᠷᠢᠯᠡᠨ ᠂ ᠠᠵᠤ ᠦᠢᠯᠡᠰ ᠤᠨ ᠬᠦᠭᠵᠢᠯᠳᠠ ᠳᠤ ᠬᠦᠴᠤᠷᠬᠡᠭ ᠶᠡᠭᠡ ᠬᠦᠳᠡᠯᠭᠡᠭᠴᠢ ᠬᠦᠴᠤᠨ ᠬᠠᠩᠭᠠᠯ᠎ᠠ᠃ ᠤᠨᠴᠠᠭᠠᠶᠢᠯᠠᠨ ᠠᠭᠠᠯᠢᠭ ᠠᠯᠢᠮ᠎ᠠ ᠶᠢᠨ ᠠᠵᠦ ᠦᠢᠯᠡᠰ ᠢ ᠬᠦᠭᠵᠢᠭᠦᠯᠦᠭᠡᠳ ᠠᠵᠤ ᠠᠬᠤᠢ ᠶᠢᠨ ᠦᠷ᠎ᠠ ᠠᠰᠢᠭ ᠪᠠ ᠠᠮᠢ ᠠᠬᠤᠢ ᠶᠢᠨ ᠦᠷ᠎ᠠ ᠠᠰᠢᠭ ᠢ ᠵᠡᠷᠭᠡᠪᠡᠷ ᠤᠯᠵᠠᠢ᠃    ᠤᠶᠢᠷ᠎ᠠ ᠳᠤ᠂ ᠡᠮᠤᠨᠡᠳᠤ ᠬᠤᠰᠢᠭᠤᠨ ᠤ ᠨᠡᠳᠤᠭᠡᠷ ᠪᠠᠯᠭᠠᠰᠤᠨ ᠤ ᠴᠢ ᠰᠢᠨ ᠲᠤᠰᠬᠤᠨ ᠤ ᠵᠢᠮᠢᠰ ᠤᠨ ᠬᠦᠷᠢᠶᠡᠯᠡᠩ ᠤᠨ ᠠᠵᠢᠯᠳᠠᠨ ᠴᠠᠭ ᠢ ᠠᠮᠵᠢᠨ ᠠᠭᠠᠯᠢᠭ ᠠᠯᠢᠮ᠎ᠠ ᠪᠠᠨ ᠲᠡᠭᠦᠵᠦ ᠶᠠᠭᠠᠷᠠᠨ᠎ᠠ᠃ ᠤᠷᠴᠢᠮ ᠤᠨ ᠬᠡᠳᠤᠨ ᠵᠢᠯ᠂ ᠨᠡᠳᠤᠭᠡᠷ ᠪᠠᠯᠭᠠᠰᠤ ᠵᠠᠬ᠎ᠠ ᠲᠡᠯᠭᠡᠬᠦᠷ ᠤᠨ ᠱᠠᠭᠠᠷᠳᠠᠯᠭ᠎ᠠ ᠶᠢ ᠦᠨᠳᠦᠰᠦᠯᠡᠨ ᠤᠢ ᠶᠢᠨ ᠵᠢᠮᠢᠰ ᠤᠨ ᠠᠵᠤ ᠦᠢᠯᠡᠰ ᠢ ᠬᠦᠭᠵᠢᠭᠦᠯᠵᠦ ᠠᠭᠠᠯᠢᠭ ᠠᠯᠢᠮ᠎ᠠ ᠶᠢᠨ ᠮᠤᠳᠤ ᠲᠠᠷᠢᠭᠠᠳ ᠲᠤᠰᠬᠤᠨ ᠤ ᠠᠷᠠᠳ ᠤᠨ ᠤᠷᠤᠯᠭ᠎ᠠ ᠶᠢ ᠨᠡᠮᠡᠭᠳᠡᠬᠦᠯᠵᠦ ᠪᠠᠶᠢᠨ᠎ᠠ᠃ ᠨᠡᠳᠤᠭᠡᠷ ᠪᠠᠯᠭᠠᠰᠤᠨ ᠤ ᠯᠢ ᠵᠢᠩ᠄ ︽ᠪᠢᠳᠠ ᠲᠠᠷᠢᠶᠠᠨ ᠠᠴᠠ ᠪᠠᠨ ᠵᠢᠯ ᠪᠦᠷᠢ 2 — 3 ᠲᠦᠮᠡᠨ ᠲᠦᠬᠦᠷᠢᠭ ᠤᠯᠵᠤ ᠪᠠᠶᠢᠨ᠎ᠠ᠂ ᠡ᠊ᠨᠡ ᠬᠡᠳᠤᠨ ᠡᠳᠤᠷ ᠵᠢᠮᠢᠰ ᠤᠨ ᠬᠦᠷᠢᠶᠡᠯᠡᠩ ᠠᠴᠠ ᠡᠵᠢ ᠲᠠᠢ ᠪᠠᠨ ᠬᠤᠶᠠᠭᠤᠯᠠ ᠠᠭᠠᠯᠢᠭ ᠠᠯᠢᠮ᠎ᠠ ᠲᠡᠭᠦᠭᠡᠳ 2000 ᠲᠦᠬᠦᠷᠢᠭ ᠤᠨ ᠤᠷᠤᠯᠭ᠎ᠠ ᠤᠯᠵᠠᠢ︾ ᠭᠡᠪᠡ᠃ ᠲᠠᠷᠢᠶᠠᠴᠢᠳ ᠠᠭᠠᠯᠢᠭ ᠠᠯᠢᠮ᠎ᠠ ᠲᠡᠬᠦᠬᠦ ᠶᠢᠨ ᠲᠠᠭᠠᠤ ᠲᠠᠷᠢᠶᠠᠨ ᠳᠠᠭᠠᠨ ᠡᠯᠧᠺᠲᠷᠤᠨ ᠬᠤᠳᠠᠯᠳᠤᠭᠠᠨ ᠤ ᠰᠢᠭᠤᠳ ᠨᠡᠪᠳᠡᠷᠡᠬᠦᠯᠭᠡ ᠬᠢᠵᠤ᠂ ᠠᠭᠠᠯᠢᠭ ᠠᠯᠢᠮ᠎ᠠ ᠶᠢ ᠪᠦᠬᠦ ᠤᠯᠤᠰ ᠤᠨ ᠡᠯ᠎ᠠ ᠭᠠᠵᠠᠷ ᠲᠤ ᠪᠤᠷᠤᠯᠠᠭᠤᠯᠵᠤ ᠪᠤᠢ᠃ ︽ᠪᠢ ᠠᠭᠠᠯᠢᠭ ᠠᠯᠢᠮ᠎ᠠ ᠶᠢ ᠡ᠊ᠨᠳᠠ ᠠᠴᠠ ᠭᠤᠷᠪᠠᠨ ᠵᠢᠯ ᠲᠠᠷᠠᠭᠠᠯᠠᠨ ᠬᠤᠳᠠᠯᠳᠤᠨ ᠠᠪᠴᠤ ᠪᠤᠢ᠃ ᠡ᠊ᠨᠳᠠᠬᠢ ᠠᠭᠠᠯᠢᠭ ᠠᠯᠢᠮ᠎ᠠ ᠲᠦᠢᠯ ᠤᠨ ᠠᠮᠳᠠᠳᠠᠢ ᠪᠤᠯᠬᠤᠷ ᠪᠦᠬᠦ ᠤᠯᠤᠰ ᠤᠨ ᠡᠯ᠎ᠠ ᠭᠠᠵᠠᠷ ᠤᠨ ᠬᠦᠮᠤᠰ ᠤᠨ ᠬᠠᠯᠠᠭᠤᠨ ᠬᠦᠷᠢᠶᠡᠯᠡᠯ ᠢ ᠤᠯᠵᠤ ᠪᠠᠶᠢᠨ᠎ᠠ᠃᠂ ᠪᠢ ᠡᠨᠡ ᠵᠢᠯ ᠲᠤᠰ ᠬᠦᠷᠢᠶᠡᠯᠡᠩ ᠠᠴᠠ ᠪᠠᠷᠤᠭ 50 ᠲᠦᠮᠡᠨ ᠵᠢᠩ ᠠᠭᠠᠯᠢᠭ ᠠᠯᠢᠮ᠎ᠠ ᠬᠤᠳᠠᠯᠳᠤᠨ ᠠᠪᠴᠦ᠂ ᠡᠯᠧᠺᠲᠷᠤᠨ ᠬᠤᠳᠠᠯᠳᠤᠭ᠎ᠠ ᠪᠠᠷ ᠪᠦᠬᠦ ᠤᠯᠤᠰ ᠤᠨ ᠡᠯ᠎ᠠ ᠭᠠᠵᠠᠷ ᠲᠤ ᠪᠤᠷᠤᠯᠠᠭᠤᠯᠬᠤ ᠪᠠᠷ ᠲᠦᠯᠦᠪᠯᠡᠵᠦ ᠪᠠᠶᠢᠨ᠎ᠠ︾ ᠭᠡᠵᠤ ᠬᠤᠳᠠᠯᠳᠤᠭᠠᠴᠢᠨ ᠱᠠ ᠶᠠᠨ ᠶᠠᠷᠢᠨ᠎ᠠ᠃     ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠨᠢ ᠨᠡᠳᠤᠭᠡᠷ ᠪᠠᠯᠭᠠᠰᠤᠨ ᠤ ᠵᠢᠮᠢᠰ ᠤᠨ ᠠᠵᠤ ᠦᠢᠯᠡᠰ ᠢ ᠲᠠᠩ ᠴᠤᠯᠭᠤᠢ ᠲᠠᠷᠢᠵᠤ ᠪᠠᠶᠢᠭᠰᠠᠨ ᠢ ︽ᠺᠤᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠤᠬᠡ︾ ᠶᠢᠨ ᠦᠢᠯᠡᠳᠪᠤᠷᠢᠯᠡᠬᠦ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠵᠤ᠂ ᠵᠢᠮᠢᠰ ᠤᠨ ᠦᠢᠯᠡᠳᠪᠤᠷᠢᠯᠡᠯ ᠪᠠ ᠪᠤᠷᠤᠯᠠᠭᠤᠯᠭ᠎ᠠ ᠶᠢ ᠨᠡᠮᠡᠭᠳᠡᠬᠦᠯᠥᠭᠰᠡᠨ ᠢᠶᠠᠷ ᠪᠠᠷᠠᠬᠤ ᠦᠭᠡᠢ ᠠᠵᠤ ᠠᠬᠤᠢ ᠶᠢᠨ ᠬᠦᠭᠵᠢᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢ ᠪᠦᠷ ᠪᠠᠳᠤᠯᠠᠬᠰᠠᠨ ᠪᠠᠶᠢᠨ᠎ᠠ᠃ ᠪᠠᠰᠠ ᠮᠦᠴᠢᠷ ᠬᠠᠶᠢᠴᠢᠯᠠᠬᠤ ᠰᠢᠨ᠎ᠠ ᠮᠡᠷᠭᠡᠵᠢᠯ ᠪᠠ ᠤᠶᠤᠨᠴᠢᠯᠠᠨ ᠤᠰᠤᠯᠠᠬᠤ ᠮᠡᠷᠭᠡᠵᠢᠯ ᠢ ᠬᠡᠷᠡᠭᠵᠢᠭᠦᠯᠵᠦ᠂ ᠵᠢᠮᠢᠰ ᠤᠨ ᠮᠤᠳᠤᠨ ᠤ ᠤᠨᠠᠯᠳᠠ ᠪᠠ ᠶᠠᠰᠤ ᠴᠢᠨᠠᠷ ᠢ ᠲᠡᠭᠡᠭᠰᠢᠯᠡᠬᠦᠯᠵᠤ᠂ ᠡᠮᠤᠨᠡᠳᠤ ᠬᠤᠰᠢᠭᠤᠨ ᠤ ᠠᠭᠠᠯᠢᠭ ᠠᠯᠢᠮ᠎ᠠ ᠶᠢᠨ ᠵᠠᠬ᠎ᠠ ᠲᠡᠯᠭᠡᠬᠦᠷ ᠤᠨ ᠦᠷᠢᠰᠤᠯᠳᠤᠭᠡᠨ ᠤ ᠬᠦᠴᠦᠨ ᠢ ᠨᠡᠮᠡᠭᠳᠡᠭᠦᠯᠵᠠᠢ᠃     ︽ᠦᠩᠭᠡᠷᠡᠭᠰᠡᠨ ᠳᠤ ᠮᠠᠨ ᠤ ᠲᠤᠰᠬᠤᠨ ᠵᠦᠪᠬᠡᠨ ᠲᠠᠷᠢᠶ᠎ᠠ ᠲᠠᠷᠢᠵᠦ ᠤᠷᠤᠯᠭ᠎ᠠ ᠤᠯᠵᠦ ᠪᠠᠶᠢᠵᠠᠢ᠃ ᠤᠶᠢᠷ᠎ᠠ ᠶᠢᠨ ᠬᠡᠳᠦᠨ ᠵᠢᠯ ᠠᠴᠠ ᠪᠦᠬᠦ ᠲᠤᠰᠬᠤᠨ ᠢᠶᠠᠷ ᠢᠶᠠᠨ ᠶᠡᠭᠡ ᠭᠡᠪᠴᠢᠶ᠎ᠠ ᠪᠠᠷ ᠠᠭᠠᠯᠢᠭ ᠠᠯᠢᠮ᠎ᠠ ᠲᠠᠷᠢᠬᠰᠠᠨ ᠠᠴᠠ ᠪᠢᠳᠠ ᠭᠠᠳᠠᠷ ᠭᠠᠵᠠᠷ ᠬᠦᠯᠤᠰᠤᠨ ᠠᠵᠢᠯ ᠬᠢᠬᠦ ᠦᠭᠡᠢ ᠴᠤ ᠤᠷᠤᠯᠭ᠎ᠠ ᠪᠠᠨ ᠨᠡᠮᠡᠭᠳᠡᠬᠦᠯᠵᠦ ᠲᠡᠶᠢᠯᠦᠯ᠎ᠠ᠃ ᠪᠠᠰᠠ ᠲᠤᠰᠬᠤᠨ ᠤ ᠵᠠᠮ ᠢ ᠰᠢᠨᠡᠳᠭᠡᠨ᠂ ᠡᠷᠤᠬᠡ ᠪᠤᠯᠭᠠᠨ ᠢ ᠰᠢᠨ᠎ᠠ ᠤᠷᠤᠨ ᠰᠠᠭᠤᠴᠠ ᠲᠠᠢ ᠪᠤᠯᠭᠠᠬᠰᠠᠨ ᠠᠴᠠ ᠪᠢᠳᠠᠨ ᠪᠦᠷ ᠴᠢᠨᠡᠭᠡᠯᠢᠭ ᠠᠮᠢᠳᠤᠷᠠᠯ ᠢ ᠡᠳ᠋ᠯᠡᠯ᠎ᠠ︾ ᠭᠡᠵᠤ ᠨᠡᠳᠤᠭᠡᠷ ᠪᠠᠯᠭᠠᠰᠤᠨ ᠤ ᠳᠠᠷᠢᠶᠠᠴᠢᠨ ᠹᠠᠩ ᠯᠢ ᠰᠢᠨ ᠪᠠᠶᠠᠷᠳᠠᠢ ᠶᠠᠷᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号