ᠢᠳᠡᠭᠡᠨ ᠤ ᠡᠯᠧᠺᠲᠷᠤᠨ ︽ᠪᠡᠶ᠎ᠡ ᠶᠢᠨ ᠦᠨᠡᠮᠯᠡᠯ︾ ᠳᠤ ᠨᠢᠭᠤᠬᠳᠠᠵᠤ ᠪᠠᠶᠢᠭ᠎ᠠ ᠮᠡᠳᠡᠭᠡ ᠵᠠᠩᠬᠢ
ᠨᠡᠶᠢᠲᠡᠯᠡᠭᠰᠡᠨ ᠴᠠᠭ᠄
2024/10/9
    ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠣᠬᠢᠶᠠᠨ ᠪᠠᠶᠢᠭᠤᠯᠤᠯᠲᠠ ᠳᠣᠣᠷ᠎ᠠ᠂ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠲᠥᠪ ᠵᠡᠷᠭᠡ ᠪᠠᠶᠢᠭᠤᠯᠭ᠎ᠠ ᠨᠢᠭᠡᠴᠢ ᠡᠨᠡ ᠵᠢᠯ ᠠᠴᠠ ᠡᠬᠢᠯᠡᠨ ᠢᠳᠡᠭᠡᠨ ᠤ ᠵᠦᠢᠯ ᠤᠨ ᠲᠣᠭᠠᠴᠢᠯᠠᠭᠰᠠᠨ ᠱᠣᠰᠢᠭ᠎ᠠ ᠶᠢᠨ ᠲᠤᠷᠰᠢᠯᠲᠠ ᠶᠢ ᠥᠷᠨᠢᠭᠦᠯᠵᠦ᠂ ᠴᠠᠭᠠᠨ ᠢᠳᠡᠭᠡᠨ᠂ ᠤᠮᠳᠠᠭᠠᠨ᠂ ᠲᠥᠬᠦᠮ ᠢᠳᠡᠭᠡᠨ ᠵᠡᠷᠭᠡ ᠮᠠᠨ ᠤ ᠤᠯᠤᠰ ᠤᠨ ᠬᠡᠷᠡᠭᠯᠡᠭᠴᠢᠳ ᠤᠨ ᠬᠡᠷᠡᠭᠯᠡᠭᠡᠨ ᠤ ᠭᠤᠣᠯ ᠪᠣᠯᠬᠤ ᠢᠳᠡᠭᠡᠨ ᠤ ᠲᠥᠷᠥᠯ ᠵᠦᠢᠯ ᠢ ᠬᠠᠮᠤᠷᠪᠠ᠃ ᠣᠶᠢᠯᠠᠭᠠᠭᠰᠠᠨ ᠢᠶᠠᠷ᠂ ᠣᠳᠣᠬᠠᠨ ᠳᠤ ᠨᠢᠭᠡᠨᠲᠡ 20 ᠭᠠᠷᠤᠢ ᠠᠵᠤ ᠠᠬᠤᠶᠢᠯᠠᠯ᠂ 40 ᠭᠠᠷᠤᠢ ᠵᠦᠢᠯ ᠤᠨ ᠦᠢᠯᠡᠳᠬᠦᠨ ᠢ ᠢᠳᠡᠭᠡᠨ ᠤ ᠵᠦᠢᠯ ᠤᠨ ᠲᠣᠭᠠᠴᠢᠯᠠᠬᠰᠠᠨ ᠱᠣᠰᠢᠭ᠎ᠠ ᠶᠢᠨ ᠲᠤᠷᠰᠢᠯᠲᠠ ᠶᠢᠨ ᠬᠡᠪᠴᠢᠶᠡᠨ ᠳᠤ ᠣᠷᠣᠭᠤᠯᠵᠤ᠂ ᠬᠡᠰᠡᠭ ᠦᠢᠯᠡᠳᠬᠦᠨ ᠢ ᠨᠢᠭᠡᠨᠲᠡ ᠵᠠᠬ᠎ᠠ ᠳᠡᠯᠭᠡᠭᠦᠷ ᠲᠤ ᠤᠷᠤᠭᠤᠯᠵᠤ᠂ ᠪᠤᠰᠤᠳ ᠦᠢᠯᠡᠳᠬᠦᠨ ᠢ ᠴᠦ ᠵᠢᠯ ᠤᠨ ᠡᠴᠦᠰ ᠠᠴᠠ ᠡᠮᠦᠨ᠎ᠡ ᠵᠠᠯᠭᠠᠭ᠎ᠠ ᠪᠠᠷ ᠵᠠᠬ᠎ᠠ ᠳᠡᠯᠭᠡᠭᠦᠷ ᠲᠤ ᠣᠷᠣᠭᠤᠯᠬᠤ ᠪᠠᠷ ᠵᠢᠱᠢᠵᠦ ᠪᠠᠶᠢᠨ᠎ᠠ᠃    ᠢᠳᠡᠭᠡᠨ ᠤ ᠲᠤᠭᠠᠴᠢᠯᠠᠬᠰᠠᠨ ᠱᠣᠰᠢᠭ᠎ᠠ ᠪᠣᠯ ᠬᠤᠶᠠᠷ ᠬᠡᠮᠵᠢᠯᠳᠤ ᠺᠤᠳ᠋ ᠵᠡᠷᠭᠡ ᠬᠡᠯᠪᠡᠷᠢ ᠪᠠᠷ ᠢᠳᠡᠭᠡᠨ ᠤ ᠱᠣᠰᠢᠭ᠎ᠠ ᠶᠢᠨ ᠮᠡᠳᠡᠭᠡ ᠵᠠᠩᠭᠢ ᠶᠢ ᠳᠡᠯᠭᠡᠨ ᠦᠵᠡᠭᠦᠯᠵᠦ᠂ ᠬᠡᠷᠡᠭᠯᠡᠭᠴᠢᠳ ᠭᠠᠷ ᠤᠲᠠᠰᠤ ᠵᠡᠷᠭᠡ ᠰᠢᠯᠵᠢᠮᠡᠯ ᠲᠥᠬᠦᠭᠡᠷᠦᠮᠵᠢ ᠪᠠᠷ ᠢᠳᠡᠭᠡᠨ ᠤ ᠱᠣᠰᠢᠭ᠎ᠠ ᠳᠡᠭᠡᠷᠡᠬᠢ ᠬᠤᠶᠠᠷ ᠬᠡᠮᠵᠢᠯᠳᠤ ᠺᠤᠳ᠋ ᠢ ᠰᠢᠷᠪᠢᠵᠦ᠂ ᠢᠳᠡᠭᠡᠨ ᠤ ᠱᠣᠰᠢᠭ᠎ᠠ ᠶᠢᠨ ᠮᠡᠳᠡᠭᠡ ᠵᠠᠩᠭᠢ ᠶᠢ ᠣᠯᠵᠤ ᠪᠣᠯᠣᠨ᠎ᠠ᠃ ᠤᠯᠠᠮᠵᠢᠯᠠᠯᠲᠤ ᠱᠣᠰᠢᠭ᠎ᠠ ᠲᠠᠢ ᠠᠳᠠᠯᠢᠳᠬᠠᠪᠠᠯ᠂ ᠲᠤᠭᠠᠴᠢᠯᠠᠬᠰᠠᠨ ᠱᠣᠰᠢᠭ᠎ᠠ ᠨᠢ ᠬᠡᠪᠯᠡᠯ ᠤᠨ ᠨᠢᠭᠤᠷ ᠤᠨ ᠬᠢᠵᠠᠭᠠᠷᠯᠠᠯ ᠦᠭᠡᠢ᠂ ᠬᠡᠷᠡᠭᠯᠡᠭᠴᠢᠳ ᠨᠢᠭᠤᠷ ᠢ ᠶᠡᠬᠡᠰᠬᠡᠬᠦ᠂ ᠲᠠᠭᠤ ᠠᠪᠢᠶ᠎ᠠ ᠪᠠᠷ ᠲᠠᠨᠢᠨ ᠤᠩᠰᠢᠬᠤ᠂ ᠸᠢᠳᠢᠣ᠋ ᠬᠡᠯᠪᠡᠷᠢ ᠪᠠᠷ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠴᠢᠳᠠᠮᠵᠢ ᠪᠠᠷ ᠢᠳᠡᠭᠡᠨ ᠤ ᠮᠡᠳᠡᠭᠡ ᠵᠠᠩᠭᠢ ᠶᠢ ᠨᠠᠩ ᠲᠥᠬᠦᠮ ᠣᠯᠵᠤ ᠪᠣᠯᠣᠨ᠎ᠠ᠃    ᠤᠯᠤᠰ ᠤᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠥᠪ ᠤᠨ ᠳᠡᠳ᠋ ᠡᠷᠬᠢᠯᠡᠭᠴᠢ ᠹᠠᠨ ᠶᠦᠩ ᠰᠢᠶᠠᠩ᠄ ︽ᠬᠡᠷᠡᠭᠯᠡᠭᠴᠢᠳ ᠲᠤᠭᠠᠴᠢᠯᠠᠬᠰᠠᠨ ᠱᠣᠰᠢᠭ᠎ᠠ ᠶᠢ ᠰᠢᠷᠪᠢᠬᠦ ᠪᠠᠷ ᠳᠡᠮᠵᠢᠨ᠂ ᠣᠯᠵᠤ ᠮᠡᠳᠡᠶ᠎ᠡ ᠭᠡᠰᠡᠨ ᠵᠠᠷᠢᠮ ᠮᠡᠳᠡᠭᠡ ᠵᠠᠩᠭᠢ ᠶᠢ ᠮᠠᠰᠢ ᠬᠢᠯᠪᠠᠷᠬᠠᠨ ᠢᠶᠠᠷ ᠣᠯᠵᠤ ᠪᠣᠯᠣᠨ᠎ᠠ᠃ ᠵᠢᠱᠢᠶᠡᠯᠡᠪᠡᠯ ᠳᠠᠭᠤᠨ ᠳᠠᠪᠲᠠᠮᠵᠢ ᠶᠢ ᠰᠣᠨᠣᠰᠬᠤ᠂ ᠳᠦᠷᠰᠦ ᠰᠢᠩᠭᠡᠭᠡᠯᠲᠡ ᠶᠢ ᠦᠵᠡᠬᠦ ᠮᠡᠲᠦ ᠶᠢᠨ ᠠᠷᠭ᠎ᠠ ᠪᠠᠷ ᠱᠣᠰᠢᠭ᠎ᠠ ᠳᠡᠭᠡᠷᠡᠬᠢ ᠵᠠᠷᠢᠮ ᠮᠡᠳᠡᠭᠡ ᠵᠠᠩᠭᠢ ᠶᠢ ᠣᠯᠵᠤ ᠪᠣᠯᠣᠨ᠎ᠠ᠃ ᠬᠡᠷᠡᠭᠯᠡᠭᠴᠢᠳ ᠤᠨ ᠡᠷᠡᠭᠦᠯ ᠮᠡᠨᠳᠦ ᠶᠢ ᠪᠠᠲᠤᠯᠠᠬᠤ ᠪᠠ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠳᠤ ᠪᠦᠷ ᠤᠯᠠᠮ ᠠᠴᠠ ᠤᠯᠠᠮ ᠶᠡᠭᠡ ᠦᠢᠯᠡᠳᠦᠯ ᠦᠵᠡᠭᠦᠯᠵᠦ ᠪᠠᠶᠢᠨ᠎ᠠ ᠭᠡᠵᠦ ᠬᠡᠯᠡᠵᠦ ᠪᠣᠯᠣᠨ᠎ᠠ︾ ᠭᠡᠵᠦ ᠶᠠᠷᠢᠯ᠎ᠠ᠃    ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠭᠠᠴᠢᠯᠠᠭᠰᠠᠨ ᠱᠣᠰᠢᠭ᠎ᠠ ᠶᠢᠨ ᠬᠡᠷᠡᠭᠯᠡᠭᠴᠢᠳ ᠲᠤ ᠢᠳᠡᠭᠡᠨ ᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠪᠣᠳᠠᠲᠠᠢ ᠣᠨᠣᠪᠴᠢᠲᠠᠶ ᠳᠠᠮᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠯᠤᠰ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠲᠥᠪ ᠠᠴᠠ ᠶᠠᠭ ᠬᠤᠯᠪᠣᠭᠳᠠᠯ ᠪᠦᠬᠦᠢ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ᠂ ᠲᠣᠭᠠᠴᠢᠯᠠᠭᠰᠠᠨ ᠱᠣᠰᠢᠭ᠎ᠠ ᠶᠢᠨ ᠬᠡᠷᠡᠭᠯᠡᠯᠲᠡ ᠶᠢᠨ ᠵᠠᠷᠴᠢᠮ᠂ ᠱᠠᠭᠠᠷᠳᠠᠯᠭ᠎ᠠ ᠪᠠ ᠳᠡᠯᠭᠡᠨ ᠦᠵᠡᠭᠦᠯᠬᠦ ᠠᠭᠤᠯᠭ᠎ᠠ ᠳᠤ ᠲᠣᠭᠲᠠᠭᠠᠯ ᠭᠠᠷᠭᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠵᠢᠷᠤᠮᠵᠢᠭᠰᠠᠨ ᠦᠨᠳᠦᠰᠦᠯᠡᠯ ᠬᠠᠩᠭᠠᠵᠤ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠱᠣᠰᠢᠭ᠎ᠠ ᠶᠢᠨ ᠪᠠᠷᠢᠮᠵᠢᠶ᠎ᠠ ᠶᠢ ᠨᠡᠶᠢᠲᠡᠯᠡᠬᠦ ᠶᠢ ᠲᠦᠷᠭᠡᠳᠬᠡᠵᠦ᠂ ᠲᠣᠭᠠᠴᠢᠯᠠᠭᠰᠠᠨ ᠱᠣᠰᠢᠭ᠎ᠠ ᠶᠢ ᠪᠥᠬᠦ ᠲᠠᠯ᠎ᠠ ᠪᠠᠷ ᠬᠡᠷᠡᠭᠯᠡᠬᠦ ᠶᠢ ᠲᠦᠯᠬᠢᠨ ᠠᠬᠢᠭᠤᠯᠬᠤ ᠶᠢᠨ ᠬᠠᠮᠲᠤ ᠨᠠᠩ ᠣᠯᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠣᠭᠠᠴᠢᠯᠠᠭᠰᠠᠨ ᠱᠣᠰᠢᠭ᠎ᠠ ᠶᠢᠨ ᠲᠤᠷᠰᠢᠯᠲᠠ ᠳᠤ ᠣᠷᠣᠯᠴᠠᠬᠤ ᠶᠢ ᠵᠣᠷᠢᠭᠵᠢᠭᠤᠯᠵᠤ ᠪᠠᠶᠢᠭ᠎ᠠ ᠠᠵᠢ᠃    ᠰᠣᠨᠢᠨ ᠮᠡᠳᠡᠭᠡᠨ ᠤ ᠬᠤᠯᠪᠣᠭᠠᠰᠤ᠄ ᠢᠳᠡᠭᠡᠨ ᠤ ᠱᠣᠰᠢᠭ᠎ᠠ ᠶᠢ ᠬᠡᠷᠬᠢᠨ ᠦᠵᠡᠪᠡᠯ ᠵᠣᠬᠢᠬᠤ ᠪᠣᠶ︖    ᠣᠶᠢᠷ᠎ᠠ ᠶᠢᠨ ᠵᠢᠯ ᠤᠳ ᠲᠤ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠡᠭᠡᠭᠰᠢᠯᠡᠵᠦ᠂ ᠤᠯᠠᠮ ᠠᠴᠠ ᠣᠯᠠᠨ ᠬᠡᠷᠡᠭᠯᠡᠭᠴᠢᠳ ᠢᠳᠡᠭᠡᠨ ᠤ ᠱᠣᠰᠢᠭ᠎ᠠ ᠲᠡᠮᠳᠡᠭ ᠢ ᠤᠩᠰᠢᠬᠤ ᠶᠢ ᠴᠢᠬᠤᠯᠠᠴᠢᠯᠠᠵᠤ᠂ ᠢᠳᠡᠭᠡᠨ ᠤ ᠵᠦᠢᠯ ᠢ ᠵᠦᠢ ᠵᠣᠬᠢᠰᠲᠠᠢ ᠰᠣᠩᠭᠤᠵᠤ ᠪᠠᠶᠢᠨ᠎ᠠ ᠃ ᠤᠯᠠᠮᠵᠢᠯᠠᠯᠲᠤ ᠱᠣᠰᠢᠭ᠎ᠠ ᠴᠤ ᠲᠡᠷᠡ᠂ ᠲᠤᠭᠠᠴᠢᠯᠠᠬᠰᠠᠨ ᠱᠣᠰᠢᠭ᠎ᠠ ᠴᠤ ᠲᠡᠷᠡ᠂ ᠢᠳᠡᠭᠡᠨ ᠤ ᠱᠣᠰᠢᠭ᠎ᠠ ᠳᠡᠭᠡᠷ᠎ᠡ ᠴᠤᠬᠤᠮ ᠶᠠᠭᠤ ᠳᠡᠯᠭᠡᠨ ᠦᠵᠡᠭᠦᠯᠵᠦ ᠪᠠᠶᠢᠬᠤ ᠪᠤᠶ︖ ᠪᠢᠳᠡ ᠢᠳᠡᠭᠡᠨ ᠤ ᠱᠣᠰᠢᠭ᠎ᠠ ᠶᠢ ᠦᠵᠡᠬᠦ ᠳᠡᠭᠡᠨ ᠭᠤᠣᠯᠳᠠᠭᠤ ᠶᠠᠮᠠᠷ ᠶᠠᠮᠠᠷ ᠵᠠᠩᠭᠢᠯᠠᠭ᠎ᠠ ᠶᠢᠨ ᠮᠡᠳᠡᠭᠡ ᠵᠠᠩᠭᠢ ᠶᠢ ᠦᠵᠡᠪᠡᠯ ᠵᠤᠬᠢᠬᠤ ᠪᠤᠶ︖    ᠢᠳᠡᠭᠡᠨ ᠤ ᠱᠣᠰᠢᠭ᠎ᠠ ᠳᠡᠭᠡᠷ᠎ᠡ ᠡᠩ ᠲᠡᠷᠢᠭᠦᠨ ᠳᠤ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠢᠯᠡᠷᠬᠡᠶᠢᠯᠡᠯ ᠲᠠᠢ᠂ ᠳᠠᠷᠤᠢ ᠡᠷᠬᠡᠪᠰᠢ ᠳᠠᠮᠵᠢᠭᠤᠯᠬᠤ ᠬᠡᠷᠡᠭᠲᠡᠢ ᠮᠡᠳᠡᠭᠡ ᠵᠠᠩᠭᠢ᠂ ᠪᠠᠰᠠ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠲᠠᠨᠢᠯᠴᠠᠭᠤᠯᠭ᠎ᠠ ᠶᠢᠨ ᠴᠢᠨᠠᠷᠲᠠᠢ ᠮᠡᠳᠡᠭᠡ ᠵᠠᠩᠭᠢ ᠪᠠᠶᠢᠨ᠎ᠠ᠃ ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠢᠳᠡᠭᠡᠨ ᠤ ᠱᠣᠰᠢᠭ᠎ᠠ ᠶᠢ ᠤᠩᠰᠢᠬᠤ ᠳᠤ ᠳᠥᠷᠪᠡᠨ ᠲᠠᠯ᠎ᠠ ᠶᠢᠨ ᠮᠡᠳᠡᠭᠡ ᠵᠠᠩᠭᠢ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ᠂ ᠨᠢᠭᠡᠳᠦᠭᠡᠷ ᠲᠤ᠂ ᠪᠦᠲᠦᠭᠡᠭᠳᠡᠬᠦᠨ ᠤ ᠨᠡᠷᠡᠶᠢᠳᠦᠯ ᠪᠣᠯᠣᠨ᠎ᠠ᠂ ᠨᠡᠷᠡᠶᠢᠳᠦᠯ ᠨᠢ ᠢᠳᠡᠭᠡᠨ ᠤ ᠰᠢᠨᠵᠢ ᠴᠢᠨᠠᠷ ᠢ ᠬᠠᠮᠤᠭ ᠠᠴᠠ ᠢᠯᠡᠭᠦᠦ ᠲᠤᠰᠬᠠᠵᠤ ᠴᠢᠳᠠᠨ᠎ᠠ᠂ ᠵᠢᠱᠢᠶᠡᠯᠡᠪᠡᠯ᠂ ᠡᠭᠡᠳᠡᠭᠰᠡᠨ ᠰᠦ᠂ ᠬᠡᠷᠪᠡ ᠢᠰᠬᠡᠭᠰᠡᠨ ᠰᠦ ᠭᠡᠵᠦ ᠨᠡᠷᠡᠶᠢᠳᠪᠡᠯ ᠲᠣᠭᠲᠠᠭᠠᠯ ᠶᠣᠰᠣᠭᠠᠷ ᠪᠣᠯ ᠰᠦ ᠪᠣᠯᠣᠨ ᠰᠦᠨ ᠲᠠᠯᠬ᠎ᠠ ᠪᠠᠷ ᠲᠦᠭᠦᠬᠡᠢ ᠮᠠᠲ᠋ᠧᠷᠢᠶᠠᠯ ᠪᠣᠯᠭᠠᠨ ᠢᠰᠬᠡᠵᠦ ᠦᠢᠯᠡᠳᠦᠭᠰᠡᠨ ᠪᠣᠯᠬᠤᠷ ᠥᠭᠡᠷ᠎ᠡ ᠮᠠᠲ᠋ᠧᠷᠢᠶᠠᠯ ᠬᠤᠯᠢᠵᠤ ᠪᠣᠯᠬᠤ ᠦᠭᠡᠢ᠃ ᠬᠡᠷᠪᠡ ᠦᠨᠦᠷ ᠠᠮᠲᠠ ᠲᠠᠢ ᠢᠰᠬᠡᠭᠰᠡᠨ ᠰᠦ ᠭᠡᠰᠡᠨ ᠪᠣᠯ ᠰᠢᠬᠢᠷ᠂ ᠵᠢᠮᠢᠰ ᠨᠣᠭᠤᠭ᠎ᠠ᠂ ᠠᠮᠤ ᠪᠤᠳᠠᠭ᠎ᠠ ᠵᠡᠷᠭᠡ ᠶᠢᠨ ᠨᠠᠶᠢᠷᠠᠯᠭ᠎ᠠ ᠶᠢ ᠨᠡᠮᠡᠵᠦ ᠪᠣᠯᠣᠨ᠎ᠠ᠃ ᠬᠤᠶᠠᠳᠤᠭᠠᠷ ᠲᠤ᠂ ᠨᠠᠶᠢᠷᠠᠯᠭ᠎ᠠ ᠶᠢᠨ ᠬᠦᠰᠦᠨᠦᠭᠲᠦ ᠶᠢ ᠠᠩᠬᠠᠷᠬᠤ ᠬᠡᠷᠡᠭᠲᠡᠢ᠂ ᠨᠠᠶᠢᠷᠠᠯᠭ᠎ᠠ ᠶᠢᠨ ᠬᠦᠰᠦᠨᠦᠭᠲᠦ ᠳᠠᠬᠢ ᠨᠠᠶᠢᠷᠠᠯᠭ᠎ᠠ ᠶᠢ ᠶᠡᠭᠡ ᠠᠴᠠ ᠨᠢ ᠪᠠᠭᠠᠰᠬᠤ ᠲᠤᠭ᠎ᠠ ᠪᠠᠷᠢᠮᠲᠠ ᠪᠠᠷ ᠢᠯᠡᠳᠬᠡᠵᠦ᠂ ᠨᠢᠭᠡᠳᠦᠭᠡᠷ ᠲᠤ ᠵᠢᠭᠰᠠᠭᠠᠭᠰᠠᠨ ᠨᠢ ᠪᠣᠯᠪᠠᠰᠤᠷᠠᠭᠤᠯᠬᠤ ᠶᠠᠪᠤᠴᠠ ᠳᠤ ᠬᠡᠷᠡᠭᠯᠡᠬᠦ ᠬᠡᠮᠵᠢᠶ᠎ᠡ ᠪᠠᠷ ᠬᠠᠮᠤᠭ ᠤᠨ ᠶᠡᠭᠡ ᠨᠠᠶᠢᠷᠠᠯᠭ᠎ᠠ ᠶᠢᠨ ᠮᠠᠲ᠋ᠧᠷᠢᠶᠠᠯ ᠪᠣᠯᠣᠨ᠎ᠠ᠃ ᠭᠤᠷᠪᠠᠳᠤᠭᠠᠷ ᠲᠤ᠂ ᠡᠳᠦᠷ ᠬᠤᠭᠤᠴᠠᠭ᠎ᠠ ᠶᠢ ᠨᠢ ᠦᠵᠡᠨ᠎ᠡ᠂ ᠡᠭᠦᠨ ᠳᠤ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠶᠢ ᠦᠵᠡᠬᠦ ᠪᠠᠷ ᠪᠠᠷᠠᠬᠤ ᠦᠭᠡᠢ ᠣᠨᠴᠠᠭᠠᠶᠢᠯᠠᠨ ᠴᠢᠨᠠᠷ ᠢ ᠪᠠᠲᠤᠯᠠᠬᠤ ᠬᠤᠭᠤᠴᠠᠭ᠎ᠠ ᠶᠢ ᠦᠵᠡᠬᠦ ᠬᠡᠷᠡᠭᠲᠡᠢ᠂ ᠴᠢᠨᠠᠷ ᠢ ᠪᠠᠲᠤᠯᠠᠬᠤ ᠬᠤᠭᠤᠴᠠᠭ᠎ᠠ ᠶᠢ ᠵᠠᠪᠠᠯ ᠬᠠᠳᠠᠭᠠᠯᠠᠬᠤ ᠨᠥᠬᠦᠴᠡᠯ ᠲᠠᠢ ᠤᠶᠠᠯᠳᠤᠭᠤᠯᠤᠨ ᠦᠵᠡᠬᠦ ᠬᠡᠷᠡᠭᠲᠡᠢ᠃ ᠳᠥᠷᠪᠡᠳᠦᠭᠡᠷ ᠲᠤ᠂ ᠰᠢᠮ᠎ᠡ ᠲᠡᠵᠢᠭᠡᠯ ᠤᠨ ᠪᠦᠷᠢᠯᠳᠦᠭᠦᠨ ᠤ ᠬᠦᠰᠦᠨᠦᠭᠲᠦ ᠶᠢ ᠦᠵᠡᠬᠦ ᠬᠡᠷᠡᠭᠲᠡᠢ᠃    ᠤᠯᠤᠰ ᠤᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠥᠪ ᠤᠨ ᠳᠡᠳ᠋ ᠡᠷᠬᠢᠯᠡᠭᠴᠢ ᠹᠠᠨ ᠶᠦᠩ ᠰᠢᠶᠠᠩ᠄ ︽ᠢᠳᠡᠭᠡᠨ ᠤ ᠰᠢᠮ᠎ᠡ ᠲᠡᠵᠢᠭᠡᠯ ᠤᠨ ᠱᠣᠰᠢᠭ᠎ᠠ ᠶᠢ ᠲᠠᠨᠢᠵᠤ ᠤᠩᠰᠢᠬᠤ ᠪᠠᠷ ᠳᠡᠮᠵᠢᠨ᠂ ᠡᠨᠡ ᠬᠦ ᠢᠳᠡᠭᠡᠨ ᠳᠤ ᠬᠡᠳᠦᠢ ᠡᠨᠧᠷᠭᠢ᠂ ᠬᠡᠳᠦᠢ ᠥᠭᠡᠬᠦ᠂ ᠬᠡᠳᠦᠢ ᠤᠭᠤᠷᠠᠭ᠂ ᠬᠡᠳᠦᠢ ᠨᠡᠭᠦᠷᠡᠰᠦ ᠤᠰᠤᠨ ᠤ ᠨᠢᠭᠡᠳᠪᠦᠷᠢ ᠠᠭᠤᠯᠤᠭᠳᠠᠵᠤ ᠪᠠᠶᠢᠬᠤ ᠶᠢ ᠮᠡᠳᠡᠵᠦ ᠪᠣᠯᠣᠨ᠎ᠠ᠂ ᠢᠩᠭᠢᠪᠡᠯ ᠬᠡᠷᠡᠭᠯᠡᠭᠴᠢᠳ ᠤᠨ ᠥᠪᠡᠷ ᠤᠨ ᠢᠳᠡᠬᠦ ᠭᠡᠵᠦ ᠪᠠᠶᠢᠭ᠎ᠠ ᠢᠳᠡᠭᠡᠨ ᠢᠶᠠᠨ ᠵᠣᠬᠢᠰᠲᠠᠢ ᠰᠣᠩᠭᠤᠬᠤ ᠶᠢ ᠵᠢᠯᠤᠭᠤᠳᠬᠤ ᠳᠤ ᠲᠥᠬᠦᠮ ᠪᠣᠯᠣᠨ᠎ᠠ᠃ ᠬᠡᠯᠡᠯᠭᠡᠨ ᠦᠭᠡᠢ ᠪᠠᠰᠠ ᠵᠠᠷᠢᠮ ᠢᠳᠡᠭᠡᠨ ᠤ ᠠᠮᠤᠷ ᠲᠦᠪᠰᠢᠨ ᠲᠠᠢ ᠨᠢᠭᠲᠠ ᠬᠤᠯᠪᠣᠭ᠎ᠠ ᠲᠠᠢ ᠮᠡᠳᠡᠭᠡ ᠵᠠᠩᠭᠢ ᠪᠠᠶᠢᠳᠠᠭ᠂ ᠵᠢᠱᠢᠶᠡᠯᠡᠪᠡᠯ ᠪᠦᠲᠦᠭᠡᠭᠳᠡᠬᠦᠨ ᠤ ᠨᠠᠶᠢᠷᠠᠯᠭ᠎ᠠ ᠳᠤ ᠬᠠᠷᠰᠢᠯ ᠡᠭᠦᠰᠬᠡᠵᠦ ᠮᠡᠳᠡᠬᠦ ᠲᠦᠭᠦᠬᠡᠢ ᠮᠠᠲ᠋ᠧᠷᠢᠶᠠᠯ ᠠᠭᠤᠯᠤᠭᠳᠠᠵᠤ ᠪᠠᠶᠢᠬᠤ ᠡᠰᠡᠬᠦ᠂ ᠪᠠᠰᠠ ᠢᠳᠡᠭᠡᠨ ᠤ ᠬᠠᠷᠰᠢᠯ ᠡᠭᠦᠰᠬᠡᠭᠴᠢ ᠳᠤ ᠠᠯᠪᠠᠳᠠᠯᠭ᠎ᠠ ᠶᠢᠨ ᠴᠢᠨᠠᠷᠲᠠᠢ ᠲᠡᠮᠳᠡᠭ ᠲᠠᠯᠪᠢᠬᠤ ᠱᠠᠭᠠᠷᠳᠠᠯᠭ᠎ᠠ ᠲᠠᠯᠪᠢᠵᠠᠢ᠂ ᠵᠢᠱᠢᠶᠡᠯᠡᠪᠡᠯ ᠵᠠᠷᠢᠮ ᠤᠭᠤᠷᠠᠭ ᠤᠨ ᠲᠦᠷᠦᠯ ᠤᠨ ᠲᠦᠭᠦᠬᠡᠢ ᠮᠠᠲ᠋ᠧᠷᠢᠶᠠᠯ᠂ ᠵᠢᠭᠠᠰᠤ᠂ ᠯᠣᠬᠠᠱᠧᠩ ᠮᠡᠲᠦ ᠶᠢᠨ ᠲᠦᠭᠦᠬᠡᠢ ᠮᠠᠲ᠋ᠧᠷᠢᠶᠠᠯ ᠢ ᠪᠦᠷ ᠤᠨᠴᠠᠭᠠᠢ ᠠᠷᠭ᠎ᠠ ᠮᠠᠶ᠋ᠢᠭ ᠢᠶᠠᠷ ᠳᠡᠯᠭᠡᠨ ᠦᠵᠡᠭᠦᠯᠵᠦ᠂ ᠬᠡᠷᠡᠭᠯᠡᠭᠴᠢᠳ ᠤᠨ ᠢᠯᠭᠠᠨ ᠲᠠᠨᠢᠬᠤ ᠳᠤ ᠳᠦᠭᠦᠮ ᠪᠣᠯᠭᠠᠬᠤ ᠬᠡᠷᠡᠭᠲᠡᠢ᠃  
 
ᠢᠷᠡᠯᠲᠡ᠄ ᠳᠤᠮᠳᠠᠳᠤ ᠤᠯᠤᠰ ᠤᠨ ᠮᠤᠩᠭᠤᠯ ᠭᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号