ᠬᠦᠴᠦᠨ ᠢᠶᠠᠨ ᠲᠦᠪᠯᠡᠷᠡᠬᠦᠯᠦᠨ ᠰᠢᠨ᠎ᠡ ᠶᠢ ᠡᠬᠦᠳᠴᠦ ᠰᠠᠶᠢᠳᠤᠷ ᠬᠠᠮᠵᠢᠯᠴᠠᠨ ᠰᠢᠪᠳᠤᠯᠤᠯᠳᠠ ᠭᠠᠷᠭᠠᠨ᠎ᠠ
ᠨᠡᠶᠢᠲᠡᠯᠡᠭᠰᠡᠨ ᠴᠠᠭ᠄
2024/10/9
     ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠬᠢᠩᠭᠠᠨ ᠠᠶᠢᠮᠠᠭ ᠤᠨ ᠠᠵᠦ ᠠᠬᠤᠢ ᠶᠢᠨ ᠬᠦᠭᠵᠢᠯᠳᠡ ᠳᠤ ᠬᠦᠴᠦᠨ ᠨᠡᠮᠡᠷᠢᠯᠡᠭᠰᠡᠨ ᠲᠤᠬᠠᠢ ᠲᠡᠮᠳᠡᠭᠯᠡᠯ       ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠨᠳᠤᠯᠭ᠎ᠠ ᠲᠠᠢ ᠬᠠᠮᠳᠤᠷᠠᠯᠴᠠᠭᠠᠨ ᠤ 11 ᠲᠦᠷᠦᠯ ᠵᠦᠢᠯ ᠨᠢ ᠲᠤᠰᠬᠠᠢ ᠮᠡᠷᠭᠡᠵᠢᠯᠳᠡᠨ ᠤ ᠬᠢᠨᠠᠨ ᠰᠢᠯᠭᠠᠷᠠᠭᠤᠯᠤᠯᠳᠠ ᠶᠢ ᠤᠷᠤᠭᠰᠢᠳᠠᠢ ᠲᠤᠭᠤᠯᠵᠤ᠂ 700 ᠲᠦᠮᠡᠨ ᠲᠦᠭᠦᠷᠢᠭ ᠤᠨ ᠪᠡᠯᠡ ᠮᠦᠩᠬᠦ ᠤᠷᠤᠭᠤᠯᠬᠤ ᠪᠠᠷ ᠲᠦᠯᠦᠪᠯᠡᠪᠡ︔ 50 ᠭᠠᠷᠤᠢ ᠰᠢᠯᠢᠳᠡᠭ ᠲᠤᠰᠬᠠᠢ ᠮᠡᠷᠭᠡᠵᠢᠯᠳᠡᠨ ᠡᠷᠳᠡᠮᠳᠡᠨ ᠬᠢᠩᠭᠠᠨ ᠠᠶᠢᠮᠠᠭ ᠲᠤ ᠢᠷᠡᠵᠦ ᠠᠵᠢᠯᠯᠠᠬᠤ ᠦᠷᠳᠡᠭᠡ ᠪᠠᠶᠢᠭᠤᠯᠤᠭᠰᠠᠨ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠳᠤᠷᠠᠯᠴᠠᠭ᠎ᠠ ᠦᠷᠨᠢᠬᠦᠯᠪᠡ︔ ᠪᠡᠭᠡᠵᠢᠩ ᠬᠤᠳᠠ ᠶᠢᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠭᠤᠤᠯ ᠴᠤᠭᠴᠠ ᠬᠢᠩᠭᠠᠨ ᠠᠶᠢᠮᠠᠭ ᠲᠤ ᠢᠷᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠠᠪᠴᠠᠩ ᠢ ᠬᠠᠮᠳᠤᠪᠡᠷ ᠪᠠᠶᠢᠭᠤᠯᠪᠠ ᠁     ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠡᠬᠢᠯᠡᠭᠰᠡᠨ ᠠᠴᠠ ᠨᠠᠭᠠᠰᠢ᠂ ᠪᠡᠭᠡᠵᠢᠩ ᠬᠤᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠡᠯᠡ ᠮᠦᠩᠬᠦ᠂ ᠴᠢᠳᠠᠪᠤᠷᠢᠳᠠᠨ ᠵᠡᠷᠭᠡ ᠲᠠᠯ᠎ᠠ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠪᠠᠷ ᠵᠢᠯᠤᠭᠤᠳᠤᠯᠭ᠎ᠠ ᠪᠤᠯᠭᠠᠵᠦ᠂ ᠤᠨᠴᠠᠯᠢᠬᠳᠦ ᠠᠵᠦ ᠦᠢᠯᠡᠰ ᠢᠶᠠᠷ ᠲᠤᠯᠭᠠᠭᠤᠷᠢᠯᠠᠯ ᠪᠤᠯᠭᠠᠵᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠᠷ ᠬᠤᠯᠪᠤᠭᠠᠰᠦ ᠪᠤᠯᠭᠠᠵᠦ᠂ ᠬᠢᠩᠭᠠᠨ ᠠᠶᠢᠮᠠᠭ ᠤᠨ ᠬᠦᠭᠵᠢᠯᠳᠡ ᠲᠠᠢ ᠵᠤᠬᠢᠴᠠᠬᠤ ᠭᠤᠤᠯᠳᠠᠯᠭ᠎ᠠ ᠲᠠᠢ ᠲᠦᠷᠦᠯ ᠵᠦᠢᠯ ᠢ ᠠᠯᠢ ᠤᠯᠠᠨ ᠶᠠᠪᠤᠭᠳᠠᠭᠤᠯᠵᠦ᠂ ᠬᠢᠩᠭᠠᠨ ᠠᠶᠢᠮᠠᠭ ᠢ ᠬᠠᠪᠰᠤᠷᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠷᠭᠡᠭ᠂ ᠠᠵᠦ ᠦᠢᠯᠡᠰ ᠢᠶᠠᠷ ᠰᠠᠶᠢᠨ᠂ ᠠᠮᠢ ᠠᠬᠤᠢ ᠪᠠᠷ ᠲᠠᠪᠠᠭᠤᠯᠢᠭ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠠᠬᠢᠭᠤᠯᠵᠠᠢ᠃     ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠯᠳᠠᠷ ᠤᠳᠤ ᠦᠶ᠎ᠡ ᠶᠢᠨ ᠡᠪᠡᠰᠦᠨ ᠤ ᠠᠵᠦ ᠦᠢᠯᠡᠰ ᠤᠨ ᠡᠳ᠋ᠰᠢᠬᠦᠯᠵᠦ ᠪᠤᠯᠪᠠᠰᠤᠷᠠᠭᠤᠯᠬᠤ ᠪᠤᠳᠠᠰ ᠤᠨ ᠬᠦᠢᠯᠭᠡᠭᠡ ᠶᠢᠨ ᠠᠷᠠᠯᠵᠢᠶᠠᠨ ᠤ ᠬᠦᠷᠢᠶᠡᠯᠡᠩ ᠳᠤ ᠬᠦᠷᠬᠦ ᠳᠤ ᠲᠠᠷᠢᠮᠠᠯ ᠤᠨ ᠡᠰᠢ ᠰᠦᠷᠡᠯ ᠨᠢ ᠲᠠᠮᠵᠢᠭᠤᠯᠬᠤ ᠪᠦᠰᠡ᠂ ᠬᠡᠮᠭᠡᠯᠡᠬᠦ ᠮᠠᠰᠢᠨ᠂ ᠰᠠᠶᠢᠵᠠᠳᠠᠬᠤ ᠮᠠᠰᠢᠨ᠂ ᠪᠤᠭᠤᠳᠠᠯᠯᠠᠬᠤ ᠮᠠᠰᠢᠨ ᠵᠡᠷᠭᠡ ᠪᠠᠷ ᠲᠠᠮᠵᠢᠨ ᠦᠭᠡᠷ ᠬᠤᠨᠢᠨ ᠤ ᠰᠢᠮᠡᠳᠤ ᠪᠤᠷᠳᠤᠭ᠎ᠠ ᠪᠤᠯᠵᠦ᠂ ᠪᠦᠬᠦ ᠤᠯᠤᠰ ᠤᠨ ᠡᠯ᠎ᠠ ᠭᠠᠵᠠᠷ ᠲᠤ ᠵᠦᠭᠡᠭᠡᠪᠦᠷᠢᠯᠡᠭᠳᠡᠨ᠎ᠡ᠃ ᠡᠬᠦᠨ ᠳᠤ ᠡᠪᠡᠰᠦ ᠪᠤᠷᠳᠤᠭ᠎ᠠ ᠪᠤᠯᠪᠠᠰᠤᠷᠠᠭᠤᠯᠬᠤ᠂ ᠬᠦᠮᠦᠷᠭᠡ ᠳᠤ ᠤᠷᠤᠭᠤᠯᠵᠦ ᠭᠠᠷᠭᠠᠬᠤ᠂ ᠪᠤᠳᠠᠰ ᠤᠨ ᠬᠦᠢᠯᠭᠡᠭᠡᠨ ᠤ ᠲᠤᠬᠢᠷᠠᠭᠤᠯᠤᠯᠳᠠ ᠵᠡᠷᠭᠡ ᠮᠡᠳᠡᠭᠡ ᠵᠠᠩᠬᠢ ᠶᠢ ᠲᠤᠮᠦ ᠳ᠋ᠠᠶᠢᠲ᠋ᠠ ᠲᠠᠪᠴᠠᠩ ᠢᠶᠠᠷ ᠨᠠᠷᠢᠨ ᠲᠤᠳᠤᠷᠬᠠᠢ ᠤᠯᠵᠦ ᠬᠠᠷᠠᠬᠤ ᠪᠤᠯᠤᠨ᠎ᠠ᠃ ᠲᠤᠰ ᠬᠦᠷᠢᠶᠡᠯᠡᠩ ᠨᠢ ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠲᠠᠪᠴᠠᠩ ᠢᠶᠠᠷ ᠠᠴᠢᠶᠠᠯᠠᠪᠤᠷᠢ ᠪᠤᠯᠭᠠᠵᠦ᠂ ᠶᠡᠷᠦᠩᠭᠡᠢ ᠪᠡᠯᠡ ᠤᠷᠤᠭᠤᠯᠤᠯᠳᠠ ᠨᠢ 1 ᠳ᠋ᠦᠩᠰᠢᠭᠤᠷ ᠲᠦᠭᠦᠷᠢᠭ ᠲᠤ ᠬᠦᠷᠴᠦ᠂ ᠡᠬᠦᠨ ᠳᠤ ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠪᠡᠯᠡ ᠮᠦᠩᠬᠦ ᠶᠢ 774 ᠲᠦᠮᠡᠨ ᠲᠦᠭᠦᠷᠢᠭ ᠤᠷᠤᠭᠤᠯᠵᠦ᠂ ᠪᠦᠬᠦ ᠤᠷᠤᠨ ᠤ ᠴᠢᠳᠠᠮᠵᠢ ᠪᠠᠷ ᠬᠠᠮᠤᠭ ᠪᠦᠷᠢᠨ᠂ ᠪᠠᠭᠳᠠᠭᠠᠮᠵᠢ ᠪᠠᠷ ᠬᠠᠮᠤᠭ ᠤᠨ ᠶᠡᠭᠡ ᠡᠪᠡᠰᠦᠨ ᠤ ᠠᠵᠦ ᠦᠢᠯᠡᠰ ᠤᠨ ᠬᠦᠷᠢᠶᠡᠯᠡᠩ ᠪᠤᠯᠤᠭᠰᠠᠨ ᠪᠠᠶᠢᠨ᠎ᠠ᠃ 2023 ᠤᠨ ᠳᠤ᠂ ᠲᠤᠰ ᠬᠦᠷᠢᠶᠡᠯᠡᠩ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠨᠢ 1.6 ᠳ᠋ᠦᠩᠰᠢᠭᠤᠷ ᠲᠦᠭᠦᠷᠢᠭ ᠲᠤ ᠬᠦᠷᠴᠦ᠂ ᠡᠷᠬᠢᠨ ᠲᠤᠭᠤᠷᠢᠨ ᠤ ᠭᠠᠴᠠᠭ᠎ᠠ ᠲᠤᠰᠬᠤᠨ ᠤ 200 ᠬᠦᠮᠦᠨ ᠳᠤ ᠰᠢᠭᠤᠳ ᠠᠵᠢᠯ ᠤᠯᠭᠤᠵᠦ᠂ ᠬᠦᠮᠦᠨ ᠪᠦᠷᠢ ᠶᠢᠨ ᠵᠢᠯ ᠤᠨ ᠲᠤᠮᠳᠠᠴᠢ ᠤᠷᠤᠯᠭ᠎ᠠ ᠶᠢ 1.2 ᠲᠦᠮᠡᠨ ᠲᠦᠭᠦᠷᠢᠭ ᠨᠡᠮᠡᠭᠳᠡᠬᠦᠯᠵᠦ᠂ 800 ᠬᠦᠮᠦᠨ ᠤ ᠠᠵᠢᠯ ᠤᠯᠭᠤᠯᠳᠠ ᠶᠢ ᠲᠠᠮ ᠢᠶᠠᠷ ᠲᠠᠶᠢᠴᠢᠯᠠᠨ ᠲᠠᠭᠠᠭᠤᠯᠪᠠ᠃     ᠡᠨᠡ ᠵᠢᠯ ᠤᠨ 6 ᠰᠠᠷ᠎ᠠ ᠳᠤ᠂ ᠬᠢᠩᠭᠠᠨ ᠤ ᠪᠡᠭᠡᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠰ ᠪᠤᠰᠬᠠᠵᠤ ᠰᠢᠨ᠎ᠡ ᠶᠢ ᠡᠬᠦᠳᠬᠦ ᠠᠵᠦ ᠦᠢᠯᠡᠰ ᠤᠨ ᠬᠦᠷᠢᠶᠡᠯᠡᠩ ᠳᠤ ᠪᠠᠶᠢᠭᠤᠯᠤᠭᠳᠠᠪᠠ᠃ ᠡᠨᠡ ᠨᠢ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ᠲᠠᠬᠢᠨ ᠰᠢᠨ᠎ᠡ ᠲᠡᠭᠳᠡᠷ ᠲᠤ ᠭᠠᠷᠤᠭᠰᠠᠨ ᠢ ᠬᠠᠷᠠᠭᠤᠯᠵᠦ ᠪᠤᠢ᠃    ᠬᠢᠩᠭᠠᠨ ᠤ ᠪᠡᠭᠡᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠳᠡ ᠬᠢᠵᠦ ᠬᠠᠮᠳᠤᠷᠠᠨ ᠠᠵᠢᠯᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠦᠢᠯᠡᠰ ᠪᠤᠰᠬᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠶᠡᠷᠦᠩᠭᠡᠶᠢᠯᠡᠭᠰᠡᠨ ᠴᠢᠨᠠᠷᠳᠠᠢ ᠲᠠᠪᠴᠠᠩ ᠪᠤᠯᠤᠨ᠎ᠠ᠃ ᠤᠳᠤᠬᠠᠨ ᠪᠤᠯᠳᠠᠯ᠎ᠠ 73 ᠠᠵᠦ ᠠᠬᠤᠶᠢᠯᠠᠯ ᠨᠢᠭᠡᠨᠳᠡ ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠳᠤ ᠨᠤᠳᠤᠬᠰᠢᠬᠰᠠᠨ ᠪᠠᠶᠢᠨ᠎ᠠ᠃    ᠬᠢᠩᠭᠠᠨ ᠤ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠪᠤᠯ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠤᠨ ᠬᠤᠪᠢᠷᠠᠭᠤᠯᠤᠯᠳᠠ ᠶᠢ ᠠᠬᠢᠭᠤᠯᠬᠤ ᠬᠤᠷᠢᠶᠠᠩᠭᠤᠢ ᠲᠦᠷᠰᠦ ᠪᠤᠯᠤᠨ᠎ᠠ᠃ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠡ ᠶᠢ ᠲᠠᠬᠢᠨ ᠢᠶᠠᠷ ᠨᠡᠮᠡᠭᠳᠡᠬᠦᠯᠬᠦ︾ ᠲᠦᠯᠦᠪᠯᠡᠭᠡ ᠶᠢ ᠬᠡᠷᠡᠭᠵᠢᠬᠦᠯᠬᠦ ᠪᠠᠷ ᠲᠠᠮᠵᠢᠨ᠂ ᠰᠢᠨ᠎ᠡ ᠶᠢ ᠡᠬᠦᠳᠬᠦ ᠪᠠᠷ ᠬᠦᠳᠡᠯᠭᠡᠭᠴᠢ ᠬᠦᠴᠦᠨ ᠪᠤᠯᠭᠠᠭᠰᠠᠨ ᠠᠯᠢ ᠤᠯᠠᠨ ᠠᠵᠦ ᠠᠬᠤᠶᠢᠯᠠᠯ᠂ ᠰᠤᠳᠤᠯᠭᠠᠨ ᠤ ᠭᠠᠵᠠᠷ᠂ ᠰᠠᠭᠤᠷᠢᠨ ᠭᠠᠵᠠᠷ ᠬᠢᠩᠭᠠᠨ ᠠᠶᠢᠮᠠᠭ ᠲᠤ ᠲᠦᠪᠯᠡᠷᠡᠵᠦ ᠪᠤᠢ᠃     ︽ᠨᠢᠭᠡ ᠰᠠᠷ᠎ᠠ ᠭᠠᠷᠤᠢ ᠪᠤᠯᠪᠠᠯ ᠤᠰᠤᠨ ᠲᠤᠲᠤᠷᠭ᠎ᠠ ᠪᠤᠯᠪᠠᠰᠤᠷᠠᠵᠦ ᠬᠤᠷᠢᠶᠠᠬᠤ ᠪᠣᠯᠤᠨ᠎ᠠ᠂ ᠮᠠᠨ ᠤ ᠲᠠᠷᠢᠭᠰᠠᠨ ᠲᠤᠲᠤᠷᠭ᠎ᠠ ᠨᠢ ᠳᠤᠮᠳᠠᠳᠤ ᠤᠯᠤᠰ᠂ ᠧᠦ᠋ᠷᠣᠫᠠ ᠶᠢᠨ ᠬᠤᠯᠪᠣᠭ᠎ᠠ᠂ ᠶᠠᠫᠣᠨ᠂ ᠠᠮᠧᠷᠢᠺᠠ ᠵᠡᠷᠭᠡ ᠣᠯᠠᠨ ᠤᠯᠤᠰ ᠤᠨ ᠣᠷᠭᠠᠨᠢᠭ ᠲᠤᠳᠤᠷᠭ᠎ᠠ ᠶᠢᠨ ᠭᠡᠷᠡᠴᠢᠯᠡᠯ ᠲᠠᠢ᠂ ᠵᠢᠩ ᠪᠦᠷᠢ ᠶᠢ 60 ᠲᠦᠭᠦᠷᠢᠭ ᠢᠶᠠᠷ ᠬᠤᠳᠠᠯᠳᠤᠳᠠᠭ᠂ ᠦᠨᠦᠷ ᠠᠮᠳᠠ ᠰᠠᠶᠢᠳᠠᠢ ᠪᠤᠯᠬᠤᠷ ᠪᠡᠭᠡᠵᠢᠩ ᠱᠠᠩᠬᠠᠢ ᠭᠤᠸᠠᠩᠵᠸᠦ ᠵᠡᠷᠭᠡ ᠬᠤᠳᠠ ᠶᠢᠨ ᠬᠦᠷᠢᠶᠡᠯᠡᠯ ᠢ ᠤᠯᠵᠤ ᠪᠠᠶᠢᠨ᠎ᠠ︾ ᠭᠡᠵᠦ ᠬᠢᠩᠭᠠᠨ ᠠᠶᠢᠮᠠᠭ ᠤᠨ ᠵᠢᠶᠠ ᠾᠧ ᠠᠮᠦ ᠪᠤᠳᠠᠭᠠᠨ ᠤ ᠦᠢᠯᠡᠰ ᠤᠨ ᠬᠢᠵᠠᠭᠠᠷᠳᠦ ᠺᠤᠮᠫᠠᠨᠢ ᠶᠢᠨ ᠲᠡᠳ᠋ ᠶᠡᠷᠦᠩᠭᠡᠢ ᠲᠠᠭᠠᠭᠠᠮᠠᠯ ᠰᠢᠤᠢ ᠳ᠋ᠠ ᠸᠧᠢ ᠬᠡᠯᠡᠨ᠎ᠠ᠃     2020 ᠣᠨ ᠳᠤ᠂ ᠪᠡᠭᠡᠵᠢᠩ ᠬᠤᠳᠠ ᠶᠢᠨ ᠬᠠᠢ ᠳ᠋ᠢᠶᠠᠨ ᠲᠣᠭᠤᠷᠢᠭ ᠤᠨ ᠬᠢᠨ ᠪᠡᠭᠡᠵᠢᠩ ᠤᠨ ᠺᠥᠸᠧ ᠶᠤᠸᠠᠨ ᠵᠢᠶᠠ ᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠬᠢᠩᠭᠠᠨ ᠠᠶᠢᠮᠠᠭ ᠲᠤ ᠲᠠᠳᠠᠨ ᠣᠷᠣᠭᠤᠯᠵᠤ᠂ ᠬᠢᠩᠭᠠᠨ ᠠᠶᠢᠮᠠᠭ ᠤᠨ ᠵᠢᠶᠠ ᠾᠧ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃ ᠲᠤᠰ ᠺᠤᠮᠫᠠᠨᠢ ᠪᠠᠶᠢᠭᠤᠯᠤᠭᠳᠠᠭᠰᠠᠨ ᠠᠴᠠ ᠨᠠᠭᠠᠰᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠡ᠂ ᠲᠦᠷᠦᠯ ᠲᠡᠮᠳᠡᠭ ᠤᠨ ᠤᠬᠠᠭᠤᠯᠭ᠎ᠠ᠂ ᠪᠤᠷᠤᠯᠠᠭᠤᠯᠭ᠎ᠠ ᠶᠢᠨ ᠠᠷᠭ᠎ᠠ ᠵᠠᠮ ᠢᠶᠠᠨ ᠦᠷᠭᠡᠳᠭᠡᠬᠦ᠂ ᠶᠠᠰᠦ ᠴᠢᠨᠠᠷ ᠤᠨ ᠬᠠᠮᠢᠶᠠᠷᠤᠯᠳᠠ ᠵᠡᠷᠭᠡ ᠲᠠᠯ᠎ᠠ ᠪᠠᠷ ᠦᠷᠬᠦᠯᠵᠢᠯᠡᠨ ᠬᠦᠴᠦᠯᠡᠵᠦ᠂ ᠬᠢᠩᠭᠠᠨ ᠠᠶᠢᠮᠠᠭ ᠤᠨ ᠲᠤᠳᠤᠷᠭ᠎ᠠ ᠶᠢᠨ ᠠᠵᠦ ᠦᠢᠯᠡᠰ ᠤᠨ ᠬᠦᠭᠵᠢᠯᠳᠡ ᠳᠤ ᠬᠦᠴᠦᠷᠭᠡᠭ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠳᠡᠯᠭᠡᠬᠦ ᠬᠦᠴᠦᠨ ᠬᠠᠩᠭᠠᠪᠠ᠃    ᠵᠢᠶᠠ ᠾᠧ ᠠᠮᠦ ᠪᠤᠳᠠᠭᠠᠨ ᠤ ᠦᠢᠯᠡᠰ ᠲᠠᠢ ᠠᠳᠠᠯᠢ ᠪᠠᠷ᠂ ᠤᠯᠤᠰ ᠤᠨ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠭᠤᠤᠯ ᠵᠢᠱᠢᠶ᠎ᠡ ᠦᠵᠡᠬᠦᠯᠬᠦ ᠤᠷᠤᠨ ᠤ ᠨᠢᠭᠡ ᠨᠢ ᠪᠤᠯᠤᠬᠰᠠᠨ 2 ᠲᠦᠮᠡᠨ ᠰᠢᠯᠢᠳᠡᠭ ᠡᠬᠦᠯᠳᠡᠷ ᠤᠨ ᠮᠢᠬᠠᠨ ᠦᠭᠡᠷ ᠠᠮᠢ ᠠᠬᠤᠢ ᠶᠢᠨ ᠲᠦᠷᠦᠯ ᠵᠦᠢᠯ ᠳᠤ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠳᠡᠯᠭᠡᠭᠴᠢ ᠬᠦᠴᠦᠨ ᠬᠠᠩᠭᠠᠭᠰᠠᠨ ᠪᠠᠶᠢᠨ᠎ᠠ᠃ ᠲᠤᠰ ᠲᠦᠷᠦᠯ ᠵᠦᠢᠯ ᠨᠢ ᠵᠠᠯᠠᠶᠢᠳ ᠬᠤᠰᠢᠭᠤᠨ ᠤ ᠬᠦᠷᠡᠯ ᠪᠠᠯᠭᠠᠰᠦ ᠶᠢᠨ ᠬᠤᠳᠠᠳᠠᠢ ᠭᠠᠴᠠᠭᠠᠨ ᠳᠤ ᠪᠠᠶᠢᠷᠢᠯᠠᠵᠦ᠂ ᠡᠪᠡᠰᠦ ᠪᠤᠷᠳᠤᠭ᠎ᠠ ᠲᠠᠷᠢᠵᠦ ᠤᠷᠭᠤᠭᠤᠯᠬᠤ᠂ ᠦᠭᠡᠷ ᠬᠤᠨᠢ ᠲᠡᠵᠢᠭᠡᠨ ᠦᠷᠡᠵᠢᠬᠦᠯᠬᠦ᠂ ᠡᠬᠦᠯᠳᠡᠷ ᠰᠠᠶᠢᠵᠢᠷᠠᠭᠤᠯᠬᠤ᠂ ᠠᠯᠠᠵᠦ ᠨᠢᠳᠤᠯᠬᠤ ᠪᠠ ᠨᠠᠷᠢᠯᠢᠭ ᠡᠳ᠋ᠰᠢᠬᠦᠯᠬᠦ ᠵᠡᠷᠭᠡ ᠤᠯᠠᠨ ᠬᠦᠷᠢᠶ᠎ᠡ ᠶᠢ ᠬᠠᠮᠤᠷᠴᠦ᠂ ᠵᠢᠯ ᠪᠦᠷᠢ ᠡᠷᠬᠢᠨ ᠲᠤᠭᠤᠷᠢᠨ ᠤ 3 ᠲᠦᠮᠡᠨ ᠮᠤ᠋ ᠲᠠᠷᠢᠮᠠᠯ ᠤᠨ ᠡᠰᠢ ᠰᠦᠷᠡᠯ ᠢ ᠵᠠᠷᠤᠴᠠᠭᠤᠯᠤᠨ᠂ 100 ᠬᠦᠮᠦᠨ ᠤ ᠠᠵᠢᠯ ᠤᠯᠭᠤᠯᠳᠠ ᠶᠢ ᠲᠠᠶᠢᠴᠢᠯᠠᠨ ᠲᠠᠭᠠᠭᠤᠯᠬᠤ ᠶᠢᠨ ᠬᠠᠮᠳᠦ 50 ᠲᠦᠮᠡᠨ ᠮᠤ᠋ ᠡᠪᠡᠰᠦ ᠪᠡᠯᠴᠢᠭᠡᠷ ᠢ ᠰᠡᠷᠬᠦᠭᠡᠵᠦ ᠲᠠᠶᠢᠯᠬᠦ ᠪᠤᠯᠤᠨ᠎ᠠ᠃ ︽ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠢ ᠠᠰᠢᠭᠯᠠᠨ᠂ ᠮᠠᠨ ᠤ ᠠᠶᠢᠮᠠᠭ ᠲᠤᠰ ᠲᠦᠷᠦᠯ ᠵᠦᠢᠯ ᠢ ᠲᠠᠷᠢᠵᠦ ᠲᠡᠵᠢᠭᠡᠬᠦ ᠶᠢ ᠤᠶᠠᠯᠳᠤᠭᠤᠯᠵᠦ ᠬᠠᠷᠢᠯᠴᠠᠨ ᠠᠬᠢᠭᠤᠯᠬᠤ᠂ ᠭᠤᠷᠪᠠᠳᠤᠭᠠᠷ ᠠᠵᠦ ᠦᠢᠯᠡᠰ ᠢ ᠬᠦᠨᠵᠡᠭᠡᠢ ᠠᠭᠤᠰᠤᠯᠴᠠᠭᠤᠯᠬᠤ᠂ ᠡᠷᠡᠬᠦᠯ ᠴᠢᠬᠢᠷᠠᠭ ᠠᠮᠤᠷ ᠲᠦᠪᠰᠢᠨ ᠪᠤᠬᠢᠷᠳᠤᠯ ᠦᠭᠡᠢ᠂ ᠲᠠᠷᠢᠶᠠᠯᠠᠩ ᠮᠠᠯ ᠠᠵᠦ ᠠᠬᠤᠢ ᠶᠢ ᠬᠦᠭᠵᠢᠬᠦᠯᠵᠦ ᠠᠷᠠᠳ ᠢ ᠪᠠᠶᠠᠵᠢᠭᠤᠯᠬᠤ ᠬᠠᠮ ᠬᠡᠯᠪᠡᠷᠢ ᠶᠢᠨ ᠤᠳᠤ ᠦᠶ᠎ᠡ ᠶᠢᠨ  ᠮᠢᠠᠬᠨ ᠦᠭᠡᠷ ᠤᠨ ᠠᠵᠦ ᠦᠢᠯᠡᠰ ᠪᠤᠯᠭᠠᠨ ᠪᠠᠶᠢᠭᠤᠯᠬᠤ ᠪᠠᠷ ᠴᠢᠷᠮᠠᠶᠢᠵᠦ ᠪᠤᠢ᠃      ︽ᠪᠢᠳᠡ ᠪᠡᠭᠡᠵᠢᠩ ᠤᠨ ᠵᠦᠩ ᠭᠤᠸᠠᠨ ᠼᠦᠨ ᠤ ᠹᠧᠩ ᠲᠠᠢ ᠶᠤᠸᠠᠨ ᠠᠵᠦ ᠠᠬᠤᠶᠢᠯᠠᠯ ᠤᠨ ᠦᠢᠯᠡᠴᠢᠯᠡᠭᠡᠨ ᠤ ᠲᠦᠪ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤᠭᠳᠠᠵᠦ᠂ ᠬᠦᠷᠢᠶᠡᠯᠡᠩ ᠤᠨ ᠲᠦᠯᠦᠪᠵᠢᠬᠦᠯᠭᠡ᠂ ᠠᠵᠦ ᠦᠢᠯᠡᠰ ᠤᠨ ᠬᠠᠮᠳᠤᠷᠠᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ᠂ ᠴᠢᠳᠠᠪᠤᠷᠢᠳᠠᠨ ᠢ ᠬᠦᠮᠦᠵᠢᠬᠦᠯᠬᠦ ᠵᠡᠷᠭᠡ ᠲᠠᠯ᠎ᠠ ᠪᠠᠷ ᠬᠠᠮᠳᠦᠪᠡᠷ ᠪᠠᠶᠢᠭᠤᠯᠬᠤ ᠠᠵᠢᠯ ᠢ ᠶᠠᠪᠤᠭᠳᠠᠭᠤᠯᠵᠠᠢ︾ ᠭᠡᠵᠦ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠬᠤᠰᠢᠭᠤᠨ ᠲᠡᠳ᠋ ᠲᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠠᠶᠢᠭ᠎ᠠ ᠶᠠᠩ ᠱᠥᠸᠧ ᠬᠡᠯᠡᠵᠦ ᠪᠠᠶᠢᠯ᠎ᠠ᠃     ᠤᠳᠤᠬᠠᠨ ᠪᠤᠯᠳᠠᠯ᠎ᠠ᠂ ᠪᠡᠭᠡᠵᠢᠩ ᠤᠨ 23 ᠠᠵᠦ ᠠᠬᠤᠶᠢᠯᠠᠯ ᠬᠢᠩᠭᠠᠨ ᠠᠶᠢᠮᠠᠭ ᠲᠤ ᠨᠤᠳᠤᠭᠰᠢᠵᠦ᠂ ᠨᠡᠶᠢᠳᠡ 9.47 ᠳ᠋ᠦᠩᠰᠢᠭᠤᠷ ᠲᠦᠭᠦᠷᠢᠭ ᠪᠡᠯᠡ ᠤᠷᠤᠭᠤᠯᠤᠨ᠂ 1200 ᠮᠠᠯᠴᠢᠨ ᠲᠠᠷᠢᠶᠠᠴᠢᠨ ᠡᠷᠦᠭᠡ ᠶᠢᠨ ᠠᠵᠢᠯ ᠤᠯᠭᠤᠬᠤ ᠠᠰᠠᠭᠤᠳᠠᠯ ᠢ ᠪᠡᠶᠡᠯᠡᠬᠦᠯᠵᠦ᠂ ᠡᠷᠦᠬᠡ ᠪᠦᠷᠢ ᠶᠢᠨ ᠣᠷᠣᠯᠭ᠎ᠠ ᠶᠢ ᠳᠤᠮᠳᠠᠴᠢ ᠪᠠᠷ 1.2 ᠲᠦᠮᠡᠨ ᠲᠥᠭᠦᠷᠢᠭ ᠠᠴᠠ ᠲᠡᠭᠡᠭᠰᠢ ᠨᠡᠮᠡᠭᠳᠡᠬᠦᠯᠪᠡ᠃     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠤᠯ ᠬᠤᠷᠴᠢᠨ ᠤ ᠲᠠᠯ᠎ᠠ ᠨᠤᠳᠤᠭ ᠤᠨ ᠦᠷᠦᠴᠡᠨ ᠳᠤ ᠪᠠᠶᠢᠷᠢᠯᠠᠵᠦ᠂ ᠮᠢᠬᠠᠨ ᠦᠭᠡᠷ ᠲᠡᠵᠢᠭᠡᠨ ᠦᠷᠡᠵᠢᠬᠦᠯᠦᠭᠰᠡᠨ ᠤᠯᠠᠮᠵᠢᠯᠠᠯ ᠲᠠᠢ ᠶᠤᠮ᠃ ᠣᠶᠢᠷ᠎ᠠ ᠶᠢᠨ ᠵᠢᠯ ᠤᠳ ᠲᠤ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠲᠤᠮᠳᠠᠳᠦ ᠬᠤᠰᠢᠭᠤᠨ ᠤ ︽ᠦᠭᠡᠷ ᠤᠨ ᠠᠵᠦ ᠦᠢᠯᠡᠰ ᠢ ᠬᠦᠭᠵᠢᠬᠦᠯᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠤᠭᠳᠠᠭᠠᠯᠳᠠ ᠳᠤ ᠰᠠᠭᠤᠷᠢᠯᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢ ᠦᠷᠭᠦᠯᠵᠢᠯᠡᠨ ᠣᠷᠣᠭᠤᠯᠵᠤ᠂ ᠲᠤᠬᠠᠶ ᠶᠢᠨ ᠭᠠᠵᠠᠷ ᠤᠨ ᠠᠯᠠᠰᠢᠨ ᠦᠭᠡᠷ ᠤᠨ ᠠᠵᠦ ᠦᠢᠯᠡᠰ ᠤᠨ ᠬᠦᠭᠵᠢᠯᠳᠡ ᠶᠢ ᠢᠳᠡᠪᠬᠢᠳᠡᠢ ᠠᠬᠢᠭᠤᠯᠵᠦ᠂ ᠠᠵᠦ ᠦᠢᠯᠡᠰ ᠤᠨ ᠰᠠᠭᠤᠷᠢ ᠶᠢ ᠲᠠᠰᠤᠷᠠᠯᠳᠠ ᠦᠭᠡᠢ ᠪᠠᠳᠤᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠶᠢ ᠲᠡᠭᠡᠭᠰᠢᠯᠡᠬᠦᠯᠦᠨ᠂ ᠮᠠᠯ ᠤᠨ ᠡᠬᠦᠯᠳᠡᠷ ᠰᠠᠶᠢᠵᠢᠷᠠᠭᠤᠯᠬᠤ ᠶᠡᠷᠦᠩᠭᠡᠶᠢᠯᠡᠭᠰᠡᠨ ᠦᠢᠯᠡᠴᠢᠯᠡᠭᠡ᠂ ᠮᠠᠯ ᠤᠨ ᠢᠴᠢᠭᠡᠯ ᠦᠷ᠎ᠠ ᠶᠢ ᠬᠠᠳᠠᠭᠠᠯᠠᠬᠤ᠂ ᠮᠠᠯ ᠤᠨ ᠡᠬᠦᠯᠳᠡᠷ ᠰᠠᠶᠢᠵᠢᠷᠠᠭᠤᠯᠤᠭᠴᠢ ᠳᠤ ᠪᠤᠳᠠᠳᠠᠢ ᠪᠤᠯᠪᠠᠰᠤᠷᠠᠯ ᠬᠦᠷᠳᠡᠭᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ ᠲᠦᠪ ᠢ ᠪᠠᠶᠢᠭᠤᠯᠪᠠ᠃ ᠮᠢᠠᠬᠨ ᠦᠭᠡᠷ ᠤᠨ ᠠᠵᠦ ᠦᠢᠯᠡᠰ ᠤᠨ ᠠᠯᠠᠵᠦ ᠨᠢᠳᠤᠯᠵᠦ ᠡᠳ᠋ᠰᠢᠬᠦᠯᠬᠦ ᠰᠢᠰᠲ᠋ᠧᠮ ᠢ ᠲᠡᠬᠦᠯᠳᠡᠷᠵᠢᠬᠦᠯᠵᠦ᠂ ︽ᠮᠢᠠᠬᠨ ᠦᠭᠡᠷ ᠵᠥᠭᠡᠭᠡᠪᠦᠷᠢᠯᠡᠬᠦ︾ ᠶᠢ ︽ᠨᠠᠷᠢᠯᠢᠭ ᠡᠳ᠋ᠰᠢᠬᠦᠯᠦᠭᠰᠡᠨ ᠪᠦᠳᠦᠭᠡᠭᠳᠡᠬᠦᠨ ᠵᠦᠭᠡᠭᠡᠪᠦᠷᠢᠯᠡᠬᠦ︾ ᠪᠤᠯᠭᠠᠨ ᠬᠤᠪᠢᠷᠠᠭᠤᠯᠬᠤ ᠶᠢ ᠠᠬᠢᠭᠤᠯᠵᠦ᠂ ︽ᠺᠤᠮᠫᠠᠨᠢ + ᠰᠠᠭᠤᠷᠢᠨ ᠭᠠᠵᠠᠷ + ᠢᠨᠲ᠋ᠧᠷ ᠰᠦᠯᠵᠢᠶ᠎ᠡ + ᠵᠠᠬ᠎ᠠ ᠲᠡᠯᠭᠡᠬᠦᠷ︾ ᠤᠨ ᠵᠠᠭᠪᠤᠷ ᠢ ᠪᠦᠷᠢᠯᠳᠦᠬᠦᠯᠵᠦ᠂ ᠮᠢᠠᠬᠨ ᠦᠭᠡᠷ ᠤᠨ ᠠᠵᠦ ᠦᠢᠯᠡᠰ ︽ᠲᠡᠵᠢᠭᠡᠨ ᠦᠷᠡᠵᠢᠬᠦᠯᠬᠦ + ᠠᠯᠠᠵᠦ ᠨᠢᠳᠤᠯᠬᠤ + ᠨᠠᠷᠢᠯᠢᠭ ᠡᠳ᠋ᠰᠢᠬᠦᠯᠬᠦ + ᠪᠤᠷᠤᠯᠠᠭᠤᠯᠬᠤ︾ ᠶᠢ ᠨᠢᠭᠡ ᠴᠤᠭᠴᠠᠵᠢᠭᠤᠯᠤᠨ ᠬᠦᠭᠵᠢᠬᠦᠯᠬᠦ ᠶᠢ ᠪᠡᠶᠡᠯᠡᠬᠦᠯᠵᠡᠢ᠃ ᠤᠳᠤᠬᠠᠨ ᠳᠤ ᠪᠡᠭᠡᠵᠢᠩ ᠦᠪᠦᠷ ᠮᠤᠩᠭᠤᠯ ᠬᠠᠮᠳᠦᠪᠡᠷ ᠪᠠᠶᠢᠭᠤᠯᠤᠭᠰᠠᠨ ᠠᠵᠦ ᠦᠢᠯᠡᠰ ᠤᠨ ᠬᠦᠷᠢᠶᠡᠯᠡᠩ᠂ ᠪᠡᠭᠡᠵᠢᠩ ᠦᠪᠦᠷ ᠮᠤᠩᠭᠤᠯ ᠤᠨ ᠦᠭᠡᠷ ᠪᠤᠷᠳᠤᠬᠤ ᠠᠵᠦ ᠦᠢᠯᠡᠰ ᠤᠨ ᠬᠦᠷᠢᠶᠡᠯᠡᠩ᠂ ᠬᠤᠨᠢᠨ ᠤ ᠲᠡᠵᠢᠭᠡᠯ ᠡᠪᠡᠰᠦᠨ ᠤ ᠠᠵᠦ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠵᠡᠷᠭᠡ ᠠᠯᠢ ᠤᠯᠠᠨ ᠠᠵᠦ ᠦᠢᠯᠡᠰ ᠤᠨ ᠬᠦᠷᠢᠶᠡᠯᠡᠩ᠂ ᠰᠠᠭᠤᠷᠢᠨ ᠭᠠᠵᠠᠷ ᠲᠤᠮᠳᠠᠳᠦ ᠬᠤᠰᠢᠭᠤᠨ ᠳᠤ ᠨᠤᠳᠤᠭᠰᠢᠵᠦ᠂ ᠲᠤᠮᠳᠠᠳᠦ ᠬᠤᠰᠢᠭᠤᠨ ᠤ ᠲᠠᠪᠠᠭᠤᠯᠢᠭ ᠭᠤᠤᠯᠯᠠᠭᠴᠢ ᠠᠵᠦ ᠠᠬᠤᠶᠢᠯᠠᠯ ᠪᠤᠯᠤᠭᠰᠠᠨ ᠪᠠᠶᠢᠨ᠎ᠠ᠃ 2024 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠡᠶᠢᠳᠡ 46 ᠮᠢᠠᠬᠨ ᠦᠭᠡᠷ ᠲᠡᠵᠢᠭᠡᠵᠦ᠂ ᠲᠡᠵᠢᠭᠡᠨ ᠦᠷᠡᠵᠢᠬᠦᠯᠬᠦ ᠡᠷᠦᠭᠡ 3 ᠲᠦᠮᠡ ᠭᠠᠷᠤᠢ ᠪᠤᠯᠵᠦ᠂ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠠ 400 ᠢᠯᠡᠬᠦᠦ ᠪᠤᠯᠵᠠᠢ᠃     ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠭᠠᠷ ᠭᠠᠷ ᠢᠶᠠᠨ ᠬᠤᠯᠪᠣᠯᠴᠠᠨ᠂ ᠠᠵᠤ ᠦᠢᠯᠡᠰ ᠤᠨ ᠬᠡᠯᠬᠢᠶ᠎ᠡ ᠪᠤᠯᠤᠨ ᠰᠢᠨ᠎ᠡ ᠶᠢ ᠡᠬᠦᠳᠬᠦ ᠬᠡᠯᠬᠢᠶ᠎ᠡ ᠶᠢᠨ ᠬᠤᠤᠰ ᠴᠢᠭᠯᠡᠯ ᠢᠶᠠᠷ ᠠᠭᠤᠰᠤᠯᠴᠠᠬᠤ ᠶᠢ ᠲᠦᠷᠭᠡᠳᠭᠡᠵᠦ᠂ ᠲᠠᠷᠪᠠᠭᠤᠯ ᠡᠯᠬᠦᠨ ᠲᠠᠩᠬᠢᠰ ᠢ ᠭᠡᠳᠦᠯᠬᠦ ᠡᠷᠴᠢ ᠵᠤᠷᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠶᠢ ᠪᠦᠬᠦ ᠬᠦᠴᠦᠨ ᠢᠶᠠᠷ ᠠᠬᠢᠭᠤᠯᠤᠨ ᠬᠠᠮᠳᠦᠪᠡᠷ ᠰᠢᠪᠳᠤᠯᠤᠯᠳᠠ ᠬᠢᠵᠦ᠂ ᠬᠢᠩᠭᠠᠨ ᠨᠤᠳᠤᠭ ᠲᠤ ᠭᠠᠵᠠᠷ ᠤᠷᠤᠨ ᠬᠠᠷᠢᠯᠴᠠᠨ ᠬᠠᠮᠵᠢᠯᠴᠠᠭᠰᠠᠨ ᠬᠦᠭᠵᠢᠯᠳᠡ ᠶᠢᠨ ᠰᠢᠨ᠎ᠡ ᠬᠠᠭᠤᠳᠠᠰᠦ ᠶᠢ ᠪᠢᠴᠢᠭᠯᠡᠵᠦ ᠪᠠᠶᠢᠨ᠎ᠠ᠃  ︵ᠲᠤᠯᠭᠠᠭᠤᠷᠢ ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号