| ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠣᠶ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ | ᠪᠥᠲᠥᠭᠡᠨ ᠪᠠᠶᠢᠭᠤᠯᠤᠯᠳᠠ ᠶᠢ ᠵᠠᠰᠠᠨ ᠰᠡᠷᠭᠦᠭᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠤᠢ | ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ | ᠪᠠᠶᠢᠭᠤᠯᠤᠯᠳᠠ ᠶᠢ ᠵᠠᠰᠠᠨ ᠰᠡᠷᠭᠦᠭᠡᠬᠦ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠶ ᠰᠢᠭᠤᠶ᠂ ᠨᠤᠲᠤᠭ ᠪᠡᠯᠴᠢᠭᠡᠷ᠂ ᠨᠤᠭᠤ | ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠥᠳᠡᠯᠦᠩᠭᠦᠶ ᠪᠠᠷ ᠬᠢᠨᠠᠨ ᠬᠡᠮᠵᠢᠬᠦ ᠪᠠ | ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠳᠠ ᠶᠢ ᠰᠡᠷᠭᠦᠭᠡᠬᠦ ᠪᠠ ᠤᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ | ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠳᠠ ᠶᠢᠨ ᠵᠠᠰᠠᠨ ᠰᠡᠷᠭᠦᠭᠡᠬᠦ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠳᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠶᠢ | ᠪᠤᠶᠢᠵᠢᠭᠤᠯᠤᠨ ᠡᠵᠡᠩᠨᠡᠬᠦ ᠶᠢ ᠵᠢᠯᠣᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠳᠠᠷᠢᠬᠤ᠂ | ᠬᠤᠲᠠ ᠬᠥᠳᠡᠭᠡ ᠶᠢᠨ ᠨᠣᠭᠤᠭᠠᠷᠠᠭᠤᠯᠤᠯᠲᠠ ᠪᠠ ᠬᠤᠲᠠ ᠶᠢᠨ ᠪᠥᠲᠥᠭᠡᠨ ᠪᠠᠶᠢᠭᠤᠯᠤᠯᠳᠠ ᠶᠢᠨ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ | ᠰᠡᠷᠭᠡᠶᠢᠯᠡᠨ ᠵᠠᠰᠠᠬᠤ᠂ ᠡᠪᠡᠳᠴᠢᠨ ᠬᠢᠵᠢᠭ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠤᠢ ᠰᠢᠭᠤᠶ ᠪᠣᠯᠤᠨ ᠨᠤᠲᠤᠭ | ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠭᠤᠷᠪᠠ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠣᠶ ᠮᠤᠳᠤ ᠶᠢ ᠣᠭᠲᠣᠯᠬᠤ ᠬᠢᠵᠠᠭᠠᠷ ᠲᠤᠭ᠎ᠠ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠭᠤᠶᠢᠳᠤ | ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠰᠢᠭᠤᠶᠢᠳᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠳᠡ ᠶᠢᠨ ᠠᠰᠠᠷᠠᠮᠵᠢ ᠶᠢᠨ | ᠤᠢ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠴᠤ᠂ ᠤᠯᠤᠰ ᠤᠨ ᠥᠮᠴᠢᠯᠡᠯ ᠤᠨ | ᠭᠤᠣᠯᠳᠠᠯᠭ᠎ᠠ ᠲᠠᠢ ᠰᠢᠭᠤᠶᠢᠳᠤ ᠣᠷᠣᠨ ᠤ ᠤᠢ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ᠎ᠠ᠃ ᠨᠤᠲᠤᠭ | ᠪᠡᠯᠴᠢᠭᠡᠷ ᠲᠤ ᠪᠡᠯᠴᠢᠭᠡᠷᠯᠡᠭᠦᠯᠬᠦ ᠶᠢ ᠬᠤᠷᠢᠭᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ | ᠠᠰᠢᠭᠯᠠᠯᠲᠠ ᠶᠢ ᠬᠢᠨᠠᠨ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠠᠵᠢᠯ ᠢ | ᠬᠠᠷᠢᠭᠤᠴᠠᠵᠤ᠂ ᠪᠥᠬᠦ ᠬᠤᠰᠢᠭᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ | ᠨᠤᠭᠤ ᠭᠠᠵᠠᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠤᠨ᠎ᠠ᠃ | ︵ᠳᠥᠷᠪᠡ︶ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠨ᠎ᠠ᠃ ᠡᠯᠡᠰᠦᠨ ᠴᠦᠯ ᠤᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠷᠬᠡᠭᠵᠢᠬᠦ ᠶᠢ | ᠰᠡᠷᠭᠡᠶᠢᠯᠡᠨ ᠡᠯᠡᠰᠦ ᠶᠢ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠭᠰᠡᠨ ᠬᠤᠷᠢᠭᠠᠲᠠᠶ | ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠳᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠲᠤᠭᠤᠷᠪᠢᠵᠤ᠂ ᠴᠦᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠬᠢᠨᠠᠨ | ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠵᠢᠱᠢᠵᠤ ᠤᠷᠢᠳᠴᠢᠯᠠᠨ ᠮᠡᠳᠡᠭᠡᠯᠡᠬᠦ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠲᠠᠪᠤ︶ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠳᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ᠂ | ᠤᠷᠭᠤᠮᠠᠯ ᠤᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠪᠠ ᠳᠣᠭᠢᠷᠠᠭᠤᠯᠵᠤ᠂ ᠬᠡᠭᠡᠷ᠎ᠡ ᠶᠢᠨ ᠠᠮᠢᠲᠠᠨ ᠤᠷᠭᠤᠮᠠᠯ ᠢ | ᠠᠪᠤᠷᠠᠨ ᠦᠷᠡᠵᠢᠭᠦᠯᠬᠦ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠡᠭᠦᠰᠦᠯ ᠤᠨ | ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠣᠭᠤᠳᠴᠤ᠂ ᠬᠡᠭᠡᠷ᠎ᠡ ᠶᠢᠨ ᠠᠮᠢᠲᠠᠨ ᠢ ᠠᠩᠨᠠᠬᠤ ᠪᠤᠶᠤ ᠬᠡᠭᠡᠷ᠎ᠡ ᠶᠢᠨ | ᠤᠷᠭᠤᠮᠠᠯ ᠢ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ | ᠬᠢᠨᠠᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠡᠭᠡᠷ᠎ᠡ ᠶᠢᠨ ᠠᠮᠢᠲᠠᠨ ᠤᠷᠭᠤᠮᠠᠯ ᠢ ᠣᠷᠣᠭᠤᠯᠵᠤ | ᠭᠠᠷᠭᠠᠬᠤ ᠶᠢ ᠬᠢᠨᠠᠨ ᠬᠠᠮᠢᠶᠠᠷᠤᠨ᠎ᠠ᠃ | ︵ᠵᠢᠷᠭᠤᠭ᠎ᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠷᠢᠭᠤᠴᠠᠨ ᠬᠢᠨᠠᠵᠤ | ᠬᠠᠮᠢᠶᠠᠷᠤᠨ᠎ᠠ᠃ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠲᠥᠯᠥᠪᠵᠢᠭᠦᠯᠭᠡ ᠶᠢ ᠲᠣᠭᠲᠠᠭᠠᠨ᠎ᠠ᠃ ᠡᠯ᠎ᠡ ᠲᠥᠷᠥᠯ ᠤᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ | ᠣᠷᠣᠨ ᠤ ᠲᠠᠰ ᠤᠨ᠂ ᠠᠶᠢᠮᠠᠭ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠯᠡᠯᠳᠡ ᠬᠠᠮᠢᠶᠠᠷᠤᠯᠳᠠ ᠶᠢ ᠬᠠᠷᠢᠭᠤᠴᠠᠨ᠎ᠠ᠃ ᠡᠯ᠎ᠡ ᠲᠥᠷᠥᠯ ᠤᠨ ᠤᠯᠤᠰ ᠤᠨ ᠲᠠᠰ᠂ ᠥᠪᠡᠷᠲᠡᠭᠡᠨ ᠵᠠᠰᠠᠬᠤ | ᠣᠷᠣᠨ ᠤ ᠲᠠᠰ᠂ ᠠᠶᠢᠮᠠᠭ ᠤᠨ ᠲᠠᠰ ᠪᠠ ᠬᠤᠰᠢᠭᠤᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ | ᠰᠢᠨ᠎ᠡ ᠪᠠᠷ ᠪᠠᠶᠢᠭᠤᠯᠬᠤ ᠪᠠ ᠳᠣᠭᠢᠷᠠᠭᠤᠯᠬᠤ ᠶᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ | ᠲᠠᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢᠨ | ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠪᠥᠬᠦ ᠬᠤᠰᠢᠭᠤᠨ ᠤ ᠪᠠᠶᠢᠭᠠᠯᠢ ᠶᠢᠨ ᠪᠠ ᠰᠣᠶᠣᠯ ᠤᠨ ᠳᠠᠪᠬᠤᠷ ᠥᠪ ᠬᠥᠷᠥᠩᠭᠡ ᠶᠢᠨ ᠮᠡᠳᠡᠭᠦᠯᠦᠯᠲᠡ ᠶᠢ | ᠬᠢᠨᠠᠨ ᠬᠠᠷᠭᠤᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ | ︵ᠳᠣᠯᠤᠭ᠎ᠠ︶ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠴᠢᠬᠢ ᠮᠣᠳᠣᠨ ᠤ | ᠬᠦᠷᠢᠶᠡᠯᠡᠩ ᠤᠨ ᠪᠥᠲᠥᠭᠡᠨ ᠪᠠᠶᠢᠭᠤᠯᠤᠯᠳᠠ ᠪᠠ ᠬᠥᠭᠵᠢᠯᠲᠡ ᠶᠢ ᠵᠢᠯᠣᠭᠤᠳᠴᠤ᠂ ᠣᠶ ᠮᠣᠳᠣᠨ ᠤ ᠦᠷ᠎ᠡ ᠪᠠ | ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠶᠢ ᠵᠣᠬᠢᠶᠠᠨ ᠪᠠᠶᠢᠭᠤᠯᠵᠤ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ | ᠬᠥᠮᠥᠷᠭᠡ ᠶᠢ ᠵᠣᠬᠢᠶᠠᠨ ᠪᠠᠶᠢᠭᠤᠯᠵᠤ᠂ ᠰᠠᠶᠢᠨ ᠦᠷ᠎ᠡ ᠶᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ | ᠂ ᠣᠶ ᠮᠣᠳᠣᠨ ᠤ ᠦᠷ᠎ᠡ ᠪᠠ ᠴᠢᠬᠢ ᠮᠣᠳᠣᠨ ᠤ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ | ᠴᠢᠬᠢ ᠮᠣᠳᠣᠨ ᠤ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠤᠢ ᠰᠢᠭᠤᠶ ᠪᠠ ᠨᠤᠲᠤᠭ ᠪᠡᠯᠴᠢᠭᠡᠷ ᠤᠨ ᠠᠮᠢᠳᠤ | ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ | ᠤᠷᠭᠤᠮᠠᠯ ᠤᠨ ᠰᠢᠨ᠎ᠡ ᠡᠭᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ︵ᠨᠠᠢᠮᠠ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠳᠣᠭᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠣᠶ ᠰᠢᠭᠤᠶ ᠨᠤᠳᠤᠭ ᠪᠡᠯᠴᠢᠭᠡᠷ ᠤᠨ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ | ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ | ᠠᠵᠢᠯ ᠢ ᠵᠢᠯᠣᠭᠤᠳᠤᠨ᠎ᠠ᠃ | ︵ᠶᠢᠰᠤ︶ ᠪᠥᠬᠦ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠶ | ᠪᠠ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠲᠣᠭᠤᠷᠢᠨ | ᠬᠠᠮᠠᠭᠠᠯᠠᠯᠲᠠ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠢ ᠰᠡᠷᠭᠡᠶᠢᠯᠡᠬᠦ ᠲᠦᠬᠦᠭᠡᠷᠦᠮᠵᠢ ᠶᠢᠨ ᠪᠥᠲᠥᠭᠡᠨ | ᠪᠠᠶᠢᠭᠤᠯᠤᠯᠳᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ | ᠰᠡᠷᠭᠡᠶᠢᠯᠡᠵᠦ ᠤᠨᠳᠠᠷᠠᠭᠠᠬᠤ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠ︶ ᠪᠥᠬᠦ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ | ᠬᠠᠮᠢᠶ᠎ᠠ ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠪᠥᠬᠦ ᠬᠤᠰᠢᠭᠤᠨ ᠤ ᠬᠠᠮᠲᠤ ᠶᠢᠨ ᠣᠶ ᠮᠣᠳᠣᠨ ᠤ | ᠡᠷᠬᠡ ᠶᠢᠨ ᠲᠦᠷᠢᠮ᠂ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠳᠤ ᠣᠷᠣᠨ᠂ ᠤᠯᠤᠰ ᠤᠨ | ᠥᠮᠴᠢᠯᠡᠯᠲᠦ ᠣᠶ ᠰᠢᠭᠤᠶ ᠶᠢᠨ ᠲᠠᠯᠠᠪᠠᠶ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠶ ᠰᠢᠭᠤᠶ᠂ ᠨᠤᠲᠤᠭ | ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠰᠢᠭᠤᠶᠢᠳᠤ ᠭᠠᠵᠠᠷ ᠢ ᠵᠢᠯᠣᠭᠤᠳᠤᠨ᠎ᠠ᠃ | ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ᠃ ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠬᠤ | ᠂ ᠤᠢ ᠰᠢᠭᠤᠶ ᠨᠤᠳᠤᠭ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠬᠤᠶᠠᠷ︶ ᠰᠠᠯᠠᠭ᠎ᠠ ᠮᠥᠴᠢᠷ ᠤᠨ ᠲᠥᠰᠦᠪ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ | ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯ ᠤᠨ | ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶ᠋ᠢᠭᠤᠯᠤᠯᠲᠠ ᠶᠢᠨ | ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠪᠥᠬᠦ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠶ ᠶᠢᠨ ᠲᠣᠬᠢᠷᠠᠭᠤᠯᠤᠯᠲᠠ ᠪᠠ ᠪᠠᠯᠠ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠶ ᠰᠢᠭᠤᠶ ᠪᠠ ᠨᠤᠲᠤᠭ | ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠳᠠ ᠶᠢᠨ ᠣᠨ ᠤ | ᠦᠢᠯᠡᠳᠪᠤᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠤᠬᠢᠶᠠᠨ᠎ᠠ᠃ | ︵ᠠᠷᠪᠠᠨ ᠭᠤᠷᠪᠠ︶ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ | ᠤᠬᠠᠭᠤᠯᠭ᠎ᠠ ᠬᠥᠮᠦᠵᠢᠯ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠯᠴᠠᠬᠤ ᠠᠵᠢᠯ ᠢ ᠵᠢᠯᠣᠭᠤᠳᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠪᠣᠯᠤᠨ ᠲᠠᠯ᠎ᠠ ᠨᠤᠲᠤᠭ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠳᠠ ᠶᠢ ᠵᠢᠯᠣᠭᠤᠳᠤᠨ᠎ᠠ᠃ ᠨᠤᠭᠤ ᠭᠠᠵᠠᠷ᠂ ᠴᠦᠯᠡᠷᠬᠡᠭᠵᠢᠯ᠂ ᠮᠥᠬᠦᠬᠦ ᠰᠢᠬᠠᠭᠰᠠᠨ | ᠬᠡᠭᠡᠷ᠎ᠡ ᠶᠢᠨ ᠠᠮᠢᠳᠠᠨ ᠤᠷᠭᠤᠮᠠᠯ ᠤᠨ ᠲᠦᠷᠦᠯ ᠢ ᠰᠡᠷᠭᠡᠶᠢᠯᠡᠨ ᠵᠠᠰᠠᠬᠤ ᠵᠡᠷᠭᠡ ᠤᠯᠠᠨ ᠤᠯᠤᠰ ᠤᠨ ᠨᠡᠶᠢᠳᠡ ᠶᠢᠨ | ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠠᠷᠪᠠᠨ ᠲᠦᠷᠪᠡ︶ ᠤᠯᠤᠰ ᠤᠨ ᠥᠮᠴᠢᠯᠡᠯᠳᠦ ᠰᠢᠭᠤᠶᠢᠳᠤ ᠣᠷᠣᠨ ᠤ ᠬᠠᠮᠢᠶ᠎ᠠ ᠪᠦᠬᠦᠢ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠡᠭᠦᠷᠭᠡ ᠴᠢᠳᠠᠪᠬᠢ ᠶᠢ ᠬᠤᠪᠢᠷᠠᠭᠤᠯᠤᠨ᠎ᠠ᠃ ᠬᠤᠰᠢᠭᠤᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨ ᠬᠦ | ᠴᠢᠩᠭᠠᠷᠠᠭᠤᠯᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ | ᠬᠡᠷᠡᠭᠵᠢᠭᠦᠯᠦᠨ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢ | ᠶᠡᠬᠡᠪᠡᠷ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠎ᠠ᠃ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ | ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ ᠵᠢᠷᠤᠮᠵᠢᠭᠤᠯᠬᠤ ᠪᠠ ᠨᠡᠶᠢᠯᠡᠬᠦᠯᠬᠦ | ᠠᠵᠢᠯ ᠢ ᠨᠢᠭᠡᠳᠦᠯᠲᠡᠶ ᠠᠬᠢᠭᠤᠯᠤᠨ᠎ᠠ᠃ |