| ᠣᠳᠣᠬᠠᠨ ᠳᠤ ᠹᠧᠨᠲ᠋ᠢᠶᠤᠤᠷ ᠬᠢᠬᠦ ᠪᠠ ᠪᠣᠷᠣᠯᠠᠭᠤᠯᠬᠤ ᠬᠥᠭᠵᠢᠶᠡᠨᠲᠦ ᠤᠯᠠᠷᠢᠯ ᠪᠤᠯᠵᠤ ᠪᠠᠶᠢᠨ᠎ᠠ᠃ | ᠲᠦᠷᠦᠭᠦᠬᠡᠨ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠳᠦᠭᠡᠷ ᠪᠠᠯᠭᠠᠰᠤ ᠶᠢᠨ | ᠢ ᠰᠢᠨ ᠲᠣᠰᠬᠤᠨ ᠤ ᠲᠢᠶᠠᠨ ᠵᠢᠶᠠ ᠹᠧᠨᠲ᠋ᠢᠶᠤᠤᠷ ᠤᠨ ᠦᠢᠯᠡᠰ ᠤᠨ ᠲᠤᠰᠬᠠᠶ ᠬᠤᠷᠰᠢᠶ᠎ᠠ ᠳᠤ ᠬᠦᠷᠬᠦ ᠳᠤ᠂ | ᠠᠵᠢᠯᠴᠢᠳ ᠶᠠᠭ ᠰᠠᠶ᠋ᠢᠬᠠᠨ ᠲᠤᠩᠭᠠᠯᠠᠭ ᠰᠠᠶᠢᠬᠠᠨ ᠡᠳᠦᠷ ᠢ ᠵᠠᠪᠳᠤᠵᠤ᠂ ᠹᠧᠨᠲ᠋ᠢᠶᠤᠤᠷ ᠪᠣᠯᠪᠠᠰᠤᠷᠠᠭᠤᠯᠵᠤ᠂ | ᠨᠡᠷᠡᠨ ᠳᠤ ᠡᠭᠡᠭᠡᠵᠦ᠂ ᠬᠦᠷᠢᠶ᠎ᠡ ᠲᠦᠭᠦᠷᠡᠩ ᠹᠧᠨᠲ᠋ᠢᠶᠤᠤᠷ ᠡᠯᠭᠦᠵᠦ ᠪᠠᠶᠢᠯ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠢᠶᠠᠨ ᠵᠢᠶᠠ ᠹᠧᠨᠲ᠋ᠢᠶᠤᠤᠷ ᠤᠨ ᠦᠢᠯᠡᠰ ᠤᠨ ᠲᠤᠰᠬᠠᠢ | ᠬᠤᠷᠰᠢᠶ᠎ᠠ ᠶᠢᠨ ᠬᠠᠷᠢᠭᠤᠴᠠᠯᠭᠠᠲᠠᠨ ᠯᠢ ᠬᠤᠢ᠄ ︽ᠮᠢᠨᠦ ᠠᠪᠤ 20 ᠬᠡᠳᠦᠨ ᠨᠠᠰᠤᠨ ᠠᠴᠠ ᠪᠠᠨ ᠹᠧᠨᠲ᠋ᠢᠶᠤᠤᠷ ᠬᠢᠵᠦ | ᠡᠬᠢᠯᠡᠵᠡᠢ᠂ ᠤᠤᠯ ᠨᠢ ᠵᠥᠪᠬᠡᠨ ᠨᠢᠭᠡ ᠵᠢᠵᠢᠭ ᠦᠢᠯᠡᠳᠬᠡᠯ ᠤᠨ ᠭᠠᠵᠠᠷ ᠪᠠᠶᠢᠵᠠᠢ᠂ 2010 ᠣᠨ ᠳᠤ ᠬᠤᠷᠰᠢᠶ᠎ᠠ | ᠪᠠᠶᠢᠭᠤᠯᠤᠭᠰᠠᠨ ᠤ ᠳᠠᠷᠠᠭ᠎ᠠ᠂ ᠦᠢᠯᠡᠳᠪᠦᠷᠢᠯᠡᠯ ᠤᠨ ᠬᠡᠪᠴᠢᠶ᠎ᠡ ᠨᠢ ᠲᠠᠰᠤᠷᠠᠯᠲᠠ ᠦᠭᠡᠢ ᠥᠷᠭᠡᠳᠴᠦ᠂ ᠠᠰᠢᠭ | ᠣᠷᠣᠯᠭ᠎ᠠ ᠨᠢ ᠴᠦ ᠤᠯᠠᠮ ᠢᠶᠠᠷ ᠨᠡᠮᠡᠭᠳᠡᠵᠡᠢ᠂ ᠪᠢ ᠬᠤᠷᠰᠢᠶ᠎ᠠ ᠪᠠᠨ ᠰᠠᠶᠢᠲᠤᠷ ᠡᠵᠡᠩᠨᠡᠵᠦ᠂ ᠡᠨᠡᠬᠦ ᠭᠠᠷ | ᠤᠷᠠᠯᠠᠯ ᠢᠶᠠᠨ ᠤᠯᠠᠮᠵᠢᠯᠠᠵᠤ᠂ ᠨᠡᠩ ᠤᠯᠠᠨ ᠲᠣᠰᠬᠤᠨ ᠤ ᠠᠷᠠᠳ ᠢ ᠳᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠨ᠎ᠠ︾ | ᠭᠡᠵᠦ ᠬᠡᠯᠡᠪᠡ᠃ | ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠢᠶᠠᠨ ᠵᠢᠶᠠ ᠹᠧᠨᠲ᠋ᠢᠶᠤᠤᠷ ᠤᠨ | ᠦᠢᠯᠡᠰ ᠤᠨ ᠲᠤᠰᠬᠠᠶ ᠬᠤᠷᠰᠢᠶ᠎ᠠ ᠶᠢᠨ ᠬᠢᠨ ᠤᠯᠠᠮᠵᠢᠯᠠᠯᠲᠤ ᠭᠠᠷ ᠤᠷᠠᠯᠠᠯ ᠢᠶᠠᠷ ᠬᠢᠭᠰᠡᠭᠡᠷ ᠢᠷᠡᠵᠡᠶ᠂ | ᠹᠧᠨᠲ᠋ᠢᠶᠤᠤᠷ ᠨᠢ ᠰᠢᠷᠪᠥᠰᠦᠯᠢᠭ ᠮᠥᠷᠲᠡᠭᠡᠨ ᠭᠥᠯᠢᠭᠡᠷ ᠪᠠᠶᠢᠵᠤ᠂ ᠵᠢᠯ ᠤᠨ ᠭᠠᠷᠤᠯᠲᠠ ᠨᠢ 46 ᠲᠦᠮᠡᠨ ᠵᠢᠩ ᠠᠴᠠ | ᠳᠡᠭᠡᠭᠰᠢ ᠪᠠᠶᠢᠳᠠᠭ᠃ ᠬᠤᠷᠰᠢᠶ᠎ᠠ ᠨᠢ ᠠᠶᠢᠮᠠᠭ ᠤᠨ ᠳᠣᠲᠣᠷᠠᠬᠢ ᠡᠯ᠎ᠡ ᠬᠤᠰᠢᠭᠤ ᠰᠢᠶᠠᠨ ᠬᠤᠲᠠ ᠶᠢᠨ | ᠬᠤᠳᠠᠯᠳᠤᠭᠠᠴᠢᠳ ᠲᠠᠢ ᠬᠤᠷᠰᠢᠭᠰᠠᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠥᠰᠥᠭ ᠵᠢᠷᠤᠬᠤ ᠶᠢᠨ ᠬᠠᠮᠲᠤ | ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠵᠠᠭᠪᠤᠷ ᠢᠶᠠᠷ ᠳᠠᠮᠵᠢᠭᠤᠯᠤᠨ᠂ ᠹᠧᠨᠲ᠋ᠢᠶᠤᠤᠷ ᠢᠶᠠᠨ ᠪᠡᠭᠡᠵᠢᠩ᠂ | ᠬᠥᠬᠡᠬᠤᠲᠠ ᠵᠡᠷᠭᠡ ᠭᠠᠵᠠᠷ ᠢᠶᠠᠷ ᠪᠣᠷᠣᠯᠠᠭᠤᠯᠵᠤ ᠪᠤᠢ᠃ ᠲᠤᠬᠠᠢ ᠶᠢᠨ ᠭᠠᠵᠠᠷ ᠤᠨ 20 ᠲᠣᠰᠬᠤᠨ ᠤ ᠠᠷᠠᠳ | ᠤᠷᠳᠤ ᠬᠤᠭᠤᠴᠠᠭ᠎ᠠ ᠪᠠᠷ ᠬᠤᠷᠰᠢᠶ᠎ᠠ ᠳᠤ ᠠᠵᠢᠯ ᠬᠢᠵᠦ᠂ ᠰᠠᠷ᠎ᠠ ᠶᠢᠨ ᠳᠤᠮᠳᠠᠴᠢ ᠣᠷᠣᠯᠭ᠎ᠠ ᠨᠢ 5000 | ᠲᠥᠭᠦᠷᠢᠭ ᠠᠴᠠ ᠳᠡᠭᠡᠭᠰᠢ ᠪᠠᠶᠢᠵᠤ᠂ ᠬᠤᠷᠰᠢᠶ᠎ᠠ ᠨᠢ ᠪᠠᠰᠠ ᠨᠡᠳᠦᠭᠡᠷ ᠪᠠᠯᠭᠠᠰᠤ ᠵᠢᠴᠢ ᠡᠷᠬᠢᠨ ᠲᠣᠭᠤᠷᠢᠨ ᠤ ᠭᠠᠵᠠᠷ | ᠣᠷᠣᠨ ᠢ ᠲᠠᠶᠢᠴᠢᠯᠠᠨ ᠠᠵᠤ ᠦᠢᠯᠡᠰ ᠢ ᠬᠥᠭᠵᠢᠭᠦᠯᠵᠦ᠂ ᠲᠥᠮᠥᠰᠥ ᠶᠢᠨ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠵᠡᠢ᠃ |