ᠦᠰᠦᠭ ᠪᠢᠴᠢᠭ ᠢᠶᠠᠷ ᠦᠭᠦᠯᠡᠭᠦᠢ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠤᠨ ᠲᠥᠰᠦᠯ
ᠨᠡᠶᠢᠲᠡᠯᠡᠭᠰᠡᠨ ᠴᠠᠭ᠄
2024/11/14
    ᠨᠢᠭᠡ᠂ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠴᠢᠬᠤᠯᠠ ᠥᠭᠦᠯᠡᠯᠲᠡ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠰᠢᠨ᠎ᠡ ᠪᠠᠶᠢᠳᠠᠯ ᠳᠣᠤᠷᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾ ᠢᠶᠠᠷ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠤᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠪᠠ᠃     ᠬᠤᠶᠠᠷ᠂ ᠰᠢᠢᠳᠪᠤᠷᠢᠳᠦ ᠪᠤᠳᠤᠯᠭ᠎ᠠ ᠲᠣᠭᠲᠠᠭᠠᠬᠤ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠣᠶ ᠰᠢᠭᠤᠶ ᠶᠢᠨ ᠭᠠᠯ ᠲᠦᠢᠮᠡᠷ ᠢ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠦᠷᠢᠮ︾ ︽ᠬᠢᠩᠭᠠᠨ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠲᠤᠰᠬᠠᠶ ᠠᠵᠢᠯᠯᠠᠭ᠎ᠠ ᠶᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠮᠡᠳᠡᠭᠳᠡᠯ︾ ︽ᠰᠢᠨ᠎ᠡ ᠪᠠᠶᠢᠳᠠᠯ ᠳᠣᠤᠷᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠦᠨᠳᠦᠰᠦᠯᠡᠵᠦ ᠲᠤᠰ ︽ᠲᠦᠰᠦᠯ︾ ᠢ ᠲᠤᠭᠳᠠᠭᠠᠵᠠᠢ᠃    ᠭᠤᠷᠪᠠ᠂ ᠨᠡᠶᠢᠲᠡᠯᠡᠭᠰᠡᠨ ᠵᠣᠷᠢᠯᠭ᠎ᠠ    ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ  ᠤᠨ ᠭᠠᠮᠰᠢᠭ ᠤᠨ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ ᠶᠤᠮ᠃     ᠳᠥᠷᠪᠡ᠂ ᠴᠢᠬᠤᠯᠠ ᠠᠷᠭ᠎ᠠ ᠬᠡᠮᠵᠢᠶ᠎ᠡ    ︵ᠨᠢᠭᠡ︶ ᠭᠤᠤᠯᠳᠠᠯᠭ᠎ᠠ ᠲᠠᠢ ᠬᠡᠰᠡᠭ ᠤᠨ ᠭᠠᠯ ᠲᠦᠢᠮᠡᠷ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠎ᠠ᠃    ︵ᠬᠤᠶᠠᠷ︶ ᠭᠤᠤᠯᠳᠠᠯᠭ᠎ᠠ ᠲᠠᠢ ᠴᠠᠭ ᠬᠤᠭᠤᠴᠠᠭᠠᠨ ᠳᠠᠬᠢ ᠭᠠᠯ ᠲᠦᠢᠮᠡᠷ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠷᠠᠭᠤᠯᠤᠨ᠎ᠠ᠃    ︵ᠭᠤᠷᠪᠠ︶ ︽ᠭᠤᠷᠪᠠ ᠶᠢ ᠲᠣᠳᠣᠷᠬᠠᠶᠢᠯᠠᠬᠤ︾ ᠶᠢ ᠢᠯᠭᠠᠷᠠᠭᠤᠯᠤᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠬᠦ ᠶᠢ ᠴᠢᠩᠭᠠᠳᠬᠠᠨ᠎ᠠ᠃    ︵ᠳᠥᠷᠪᠡ︶ ᠦᠢᠯᠡᠳᠪᠤᠷᠢᠯᠡᠯ ᠤᠨ ᠠᠵᠢᠯᠯᠠᠭᠠᠨ ᠤ ᠭᠠᠯ ᠲᠦᠢᠮᠡᠷ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠳᠠᠯᠠᠨ᠎ᠠ᠃     ᠲᠠᠪᠤ᠂ ᠬᠡᠷᠡᠭᠵᠢᠭᠦᠯᠬᠦ ᠴᠠᠭ     ᠵᠢᠯ ᠪᠦᠷᠢ ᠶᠢᠨ 3 ᠰᠠᠷ᠎ᠠ ᠶᠢᠨ 15 — 6 ᠰᠠᠷ᠎ᠠ ᠶᠢᠨ 15 ᠤ ᠡᠳᠦᠷ ᠪᠤᠯᠳᠠᠯ᠎ᠠ ᠪᠠ 9 ᠰᠠᠷ᠎ᠠ ᠶᠢᠨ 15 — 11 ᠰᠠᠷ᠎ᠠ ᠶᠢᠨ 15 ᠤ ᠡᠳᠦᠷ ᠪᠤᠯᠳᠠᠯ᠎ᠠ ᠶᠠᠪᠤᠭᠳᠠᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号