| ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠰᠢᠷᠢᠰ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠵᠠᠬ᠎ᠠ | ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠠᠶᠤᠯᠭᠦᠶ ᠦᠢᠯᠡᠳᠪᠤᠷᠢᠯᠡᠯ ᠤᠨ ᠰᠠᠭᠤᠷᠢ ᠶᠢ ᠤᠯᠠᠮ | ᠨᠢᠭᠡ ᠠᠯᠬᠤᠮ ᠪᠠᠬᠢᠵᠢᠭᠦᠯᠤᠨ᠂ ᠬᠦᠨᠳᠦ ᠲᠤᠮᠤ ᠣᠨᠴᠠ ᠶᠡᠭᠡ ᠦᠢᠯᠡᠳᠪᠤᠷᠢᠯᠡᠯ ᠤᠨ ᠠᠶᠤᠯᠭᠦᠶ ᠶᠢᠨ ᠡ᠊ᠨᠳᠡᠯ ᠢ ᠡᠷᠡᠰ | ᠰᠡᠷᠭᠡᠶᠢᠯᠡᠨ ᠬᠤᠷᠢᠭᠯᠠᠬᠤ ᠶᠢᠨ ᠲᠦᠯᠦᠭᠡ᠂ ᠬᠢᠩᠭᠠᠨ ᠠᠶᠢᠮᠠᠭ ᠤᠨ ︽ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ | ᠰᠢᠰᠲ᠋ᠧᠮ ᠤᠨ ᠠᠶᠤᠯᠭᠦᠶ ᠦᠢᠯᠡᠳᠪᠤᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2024 — 2026 ᠣᠨ︶︾ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠬᠤᠶᠠᠷ᠂ ᠨᠡᠶᠢᠳᠡᠯᠡᠭᠰᠡᠨ ᠵᠣᠷᠢᠯᠭ᠎ᠠ | 1. ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ | ᠰᠡᠷᠭᠡᠶᠢᠯᠡᠨ ᠪᠠᠭᠠᠰᠬᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠡ᠃ | 2. ᠬᠥᠮᠦᠨ ᠢᠶᠠᠷ ᠦᠨᠳᠦᠰᠦ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ | ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | 3. ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ ᠢ | ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ | ᠪᠠᠷᠢᠮᠲᠠᠯᠠᠵᠤ᠂ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ | ᠠᠷᠢᠯᠭᠠᠨ᠎ᠠ᠃ | ᠭᠤᠷᠪᠠ᠂ ᠠᠵᠢᠯ ᠤᠨ ᠬᠠᠷᠠᠯᠲᠠ | 1. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠮᠤᠷ ᠲᠦᠪᠰᠢᠨ ᠤ ᠬᠤᠷᠢᠭ᠎ᠠ ᠱᠤᠭᠤᠮ ᠢ | ᠰᠠᠬᠢᠬᠤ ᠤᠬᠠᠮᠰᠠᠷ ᠢᠶᠠᠨ ᠨᠡᠩ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠠᠰᠤᠷᠠᠯᠳᠡ ᠦᠭᠡᠢ ᠳᠡᠭᠦᠯᠳᠡᠷᠵᠢᠭᠦᠯᠦᠨ᠎ᠡ᠃ | 2. ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠤᠷᠢᠯᠡᠬᠦ᠂ ᠬᠡᠷᠡᠭᠯᠡᠬᠦ ᠪᠠᠶᠢᠭᠤᠯᠭ᠎ᠠ ᠨᠢᠭᠡᠴᠢ ᠪᠠ | ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠦᠢᠯᠡᠳᠭᠦᠨ ᠢ ᠦᠢᠯᠡᠳᠪᠤᠷᠢᠯᠡᠬᠦ᠂ ᠪᠣᠷᠣᠯᠠᠭᠤᠯᠬᠤ ᠨᠢᠭᠡᠴᠢ ᠶᠢᠨ ᠶᠠᠰᠤ | ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠯᠡᠳᠲᠡ | ᠰᠠᠶᠢᠵᠢᠷᠠᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠵᠠᠭᠪᠤᠷ ᠢ ᠨᠠᠩ ᠰᠢᠯᠢᠳᠡᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠨᠠᠩ ᠬᠦᠴᠦᠲᠡᠶ ᠪᠣᠯᠭᠠᠨ᠎ᠠ᠃ | 3. ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡ᠊ᠨᠳᠡᠯ ᠭᠠᠷᠤᠭᠰᠠᠨ ᠲᠤᠭ᠎ᠠ᠂ ᠦᠬᠦᠭᠰᠡᠨ ᠬᠥᠮᠦᠨ ᠤ ᠲᠤᠭ᠎ᠠ | ᠦᠷᠭᠦᠯᠵᠢᠯᠡᠨ ᠪᠠᠭᠤᠷᠠᠵᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠲᠣᠭᠲᠠᠭᠤᠨ ᠤ ᠲᠤᠮᠳᠠ | ᠳᠡᠭᠡᠭᠰᠢᠯᠡᠯᠲᠡ ᠲᠠᠢ ᠪᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠢ ᠲᠣᠭᠲᠠᠭᠤᠨ ᠢᠶᠠᠷ ᠰᠠᠶᠢᠵᠢᠷᠠᠭᠤᠯᠤᠨ᠎ᠠ᠃ | ᠲᠦᠷᠪᠡ᠂ ᠭᠤᠣᠯ ᠡᠭᠦᠷᠭᠡ ᠬᠠᠷᠢᠭᠤᠴᠠᠯᠭ᠎ᠠ | 1. ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠮᠢᠶᠠᠷᠤᠯᠲᠠ ᠶᠢᠨ ᠴᠢᠳᠠᠪᠤᠷᠢ ᠪᠠ ᠠᠵᠢᠯᠲᠠᠨ ᠤ ᠬᠡᠪ ᠴᠢᠨᠠᠷ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠬᠢᠭᠡᠳ | ᠠᠵᠢᠯᠯᠠᠭᠰᠠᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ | 2. ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ | ᠴᠢᠩᠭᠠᠳᠬᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠣᠤᠷᠵᠢᠭᠤᠯᠤᠭᠰᠠᠨ ᠬᠠᠮᠢᠶᠠᠷᠤᠯᠲᠠ ᠶᠢ | ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠷᠭᠦᠯᠵᠢᠯᠡᠨ ᠠᠬᠢᠭᠤᠯᠵᠤ᠂ ᠲᠠᠯᠠᠪᠠᠶ ︵ᠦᠢᠯᠡᠳᠪᠤᠷᠢ︶ ᠶᠢᠨ ᠳᠣᠲᠣᠷᠠᠬᠢ | ᠲᠤᠰᠬᠠᠶ ᠬᠡᠷᠡᠭᠯᠡᠬᠦ ᠮᠠᠰᠢᠨ ᠲᠡᠷᠭᠡᠨ ᠤ ᠬᠡᠷᠡᠭᠯᠡᠯᠲᠡ ᠶᠢᠨ ᠠᠮᠤᠷ ᠲᠦᠪᠰᠢᠨ ᠤ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ | ᠭᠦᠸᠧᠯᠦ ᠶᠢᠨ ᠠᠮᠤᠷ ᠲᠦᠪᠰᠢᠨ᠂ ᠴᠠᠬᠢᠯᠭᠠᠨ ᠱᠠᠲᠤ ᠶᠢᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠬᠢᠮᠢ ᠶᠢᠨ ᠠᠵᠤ ᠦᠢᠯᠡᠳᠪᠤᠷᠢ ᠠᠵᠤ ᠠᠬᠤᠶᠢᠯᠠᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ | ᠲᠦᠬᠦᠭᠡᠷᠦᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ | 3. ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠪᠠᠶᠢᠴᠠᠭᠠᠬᠤ ᠡᠩᠨᠡᠭᠡᠨ ᠤ ᠪᠦᠳᠦᠬᠡᠨ | ᠪᠠᠶᠢᠭᠤᠯᠤᠯᠳᠠ ᠶᠢ ᠦᠷᠨᠢᠭᠦᠯᠦᠨ᠎ᠡ᠃ | 4. ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠵᠢᠭᠰᠠᠭᠠᠨ | ᠪᠠᠶᠢᠴᠠᠭᠠᠵᠤ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠬᠢᠨᠠᠨ ᠬᠠᠮᠢᠶᠠᠷᠬᠤ ᠭᠤᠣᠯᠳᠠᠯᠭ᠎ᠠ ᠶᠢ ᠲᠤᠪᠤᠶᠢᠯᠭᠠᠨ᠂ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ | 5. ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠬᠦᠷᠢᠶᠡᠨ ᠳᠠᠬᠢ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠳᠡ ᠶᠢ ᠴᠢᠩᠭᠠᠳᠬᠠᠨ᠎ᠠ᠃ ᠬᠢᠨᠠᠨ ᠵᠥᠪᠰᠢᠶᠡᠷᠡᠬᠦ ᠲᠦᠷᠢᠮ ᠢ | ᠴᠢᠩᠳᠠᠯᠠᠵᠤ᠂ ᠭᠤᠤᠯᠳᠠᠯᠭ᠎ᠠ ᠲᠠᠢ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠠᠩᠬᠠᠷᠤᠯ ᠢᠶᠠᠨ | ᠲᠥᠪᠯᠡᠷᠡᠭᠦᠯᠦᠨ᠂ ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠵᠤ᠂ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠬᠦ ᠶᠠᠪᠤᠴᠠ ᠳᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ |