| | ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 16 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ | 11 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠢᠮᠠ ᠳᠤ ᠠᠮᠧᠷᠢᠺᠠ ᠶᠢᠨ | ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠯᠲᠠ ᠬᠢᠪᠡ᠃ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠯᠢᠮᠠ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠯᠢ ᠰᠢᠦᠸᠡᠢ ᠷᠧᠨ ᠰᠡᠭᠦᠳᠡᠷᠯᠡᠪᠡ | ᠰᠢ ᠶᠢᠨ ᠫᠢᠩ᠂ ᠥᠩᠭᠡᠷᠡᠭᠰᠡᠨ 4 ᠵᠢᠯ ᠳᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠳᠦ᠋ᠢᠪᠡᠷ ᠨᠤᠭᠤᠷᠠᠯ | ᠪᠦᠳᠦᠷᠢᠯ ᠢ ᠥᠩᠭᠡᠷᠡᠭᠦᠯᠦᠭᠰᠡᠨ ᠪᠤᠯᠪᠠᠴᠤ ᠪᠠᠰᠠ ᠶᠠᠷᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠵᠦ᠂ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠡᠶᠡᠯᠡᠭᠦᠯᠵᠡᠢ᠃ ᠪᠢᠳᠡ ᠬᠤᠶᠠᠷ ᠲᠠᠯ᠎ᠠ ᠶᠢᠨ ᠪᠦᠯᠭᠦᠮ ᠢ ᠵᠢᠯᠣᠭᠤᠳᠤᠨ ᠳᠤᠮᠳᠠᠳᠤ ᠠᠮᠧᠷᠢᠺᠠ ᠶᠢᠨ | ᠬᠠᠷᠢᠯᠴᠠᠭᠠᠨ ᠤ ᠵᠠᠷᠢᠮ ᠵᠢᠯᠤᠭᠤᠳᠬᠤ ᠵᠠᠷᠴᠢᠮ ᠢ ᠵᠥᠪᠳᠡᠯᠴᠡᠨ ᠲᠣᠭᠲᠠᠭᠠᠵᠤ᠂ ᠬᠤᠶᠠᠷ ᠤᠯᠤᠰ ᠤᠨ ᠶᠠᠷᠢᠯᠴᠠᠭ᠎ᠠ ᠪᠠ | ᠬᠠᠮᠲᠤᠷᠠᠯᠴᠠᠭ᠎ᠠ ᠶᠢ ᠳᠠᠭᠢᠨ ᠵᠥᠪ ᠵᠠᠮ ᠳᠤ ᠣᠷᠣᠭᠤᠯᠬᠤ ᠶᠢ ᠬᠠᠮᠲᠤ ᠪᠠᠷ ᠠᠬᠢᠭᠤᠯᠵᠤ᠂ 20 ᠭᠠᠷᠤᠢ ᠣᠯᠣᠯᠴᠠᠭ᠎ᠠ ᠶᠢᠨ | ᠲᠣᠭᠲᠠᠴᠠ ᠶᠢ ᠰᠡᠷᠭᠦᠭᠡᠭᠰᠡᠨ ᠪᠠ ᠰᠢᠨ᠎ᠡ ᠪᠠᠷ ᠪᠠᠶᠢᠭᠤᠯᠵᠤ᠂ ᠭᠠᠳᠠᠭᠠᠳᠤ ᠬᠠᠷᠢᠯᠴᠠᠭ᠎ᠠ᠂ ᠠᠮᠤᠷ ᠲᠦᠪᠰᠢᠨ᠂ ᠠᠵᠤ ᠠᠬᠤᠢ | ᠠᠷᠠᠯᠵᠢᠶ᠎ᠠ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠴᠡᠷᠢᠭ ᠠᠩᠭᠢ᠂ ᠬᠤᠣᠷ ᠴᠠᠭᠠᠵᠠᠯᠠᠬᠤ᠂ ᠬᠠᠤᠯᠢ ᠬᠡᠷᠡᠭᠵᠢᠭᠦᠯᠬᠦ᠂ | ᠬᠥᠳᠡᠭᠡ ᠠᠵᠤ ᠠᠬᠤᠢ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠰᠣᠶᠣᠯ ᠢᠷᠭᠡᠨᠰᠢᠯ ᠵᠡᠷᠭᠡ | ᠬᠦᠷᠢᠶᠡᠨ ᠳᠤ ᠢᠳᠡᠪᠬᠢᠲᠡᠢ ᠦᠷ᠎ᠡ ᠪᠦᠲᠦᠭᠡᠯ ᠣᠯᠪᠠ᠃ | ᠥᠩᠭᠡᠷᠡᠭᠰᠡᠨ 4 ᠵᠢᠯ ᠤᠨ ᠲᠤᠷᠰᠢᠯᠭ᠎ᠠ ᠶᠢ ᠳ᠋ᠦᠩᠨᠡᠭᠦᠰᠢᠲᠡᠢ᠂ ᠰᠡᠩᠬᠡᠷᠡᠭᠦᠯᠦᠯ ᠢ ᠴᠡᠭᠡᠵᠢᠯᠡᠬᠦ ᠴᠢᠬᠤᠯᠠᠲᠠᠢ᠂ ᠮᠢᠨᠤ | ᠦᠵᠡᠬᠦ ᠪᠠᠷ ᠨᠠᠭᠠᠲᠤ ᠵᠠᠬ᠎ᠠ ᠨᠢ ᠳᠣᠣᠷᠠᠬᠢ ᠬᠡᠳᠦᠨ ᠵᠦᠢᠯ ᠪᠠᠶᠢᠨ᠎ᠠ᠃ | ᠨᠢᠭᠡ ᠳᠤ᠂ ᠪᠠᠶᠢᠯᠳᠤᠬᠤ ᠪᠣᠳᠣᠯᠭ᠎ᠠ ᠶᠢᠨ ᠵᠥᠪ ᠲᠠᠨᠢᠨ ᠮᠡᠳᠡᠷᠡᠬᠦᠢ ᠲᠠᠢ ᠪᠠᠶᠢᠬᠤ ᠬᠡᠷᠡᠭᠲᠡᠢ᠃ ︽ᠰᠦᠴᠢᠳᠢᠳ᠋ ᠤᠨ | ᠤᠨᠠᠭᠤᠯᠢ︾ ᠪᠣᠯ ᠲᠡᠦᠬᠡ ᠶᠢᠨ ᠬᠤᠪᠢ ᠵᠠᠶᠠᠭ᠎ᠠ ᠪᠢᠰᠢ᠂ ︽ᠰᠢᠨ᠎ᠡ ᠬᠦᠢᠲᠡᠨ ᠳᠠᠶᠢᠨ︾ ᠢ ᠬᠢᠵᠦ ᠪᠤᠯᠬᠤ ᠦᠭᠡᠢ ᠪᠥᠭᠡᠳ | ᠬᠢᠭᠡᠳ ᠴᠤ ᠳᠡᠶᠢᠯᠭᠦ ᠦᠭᠡᠢ᠂ ᠳᠤᠮᠳᠠᠳᠤ ᠤᠯᠤᠰ ᠢ ᠬᠤᠷᠢᠭᠯᠠᠨ ᠬᠠᠰᠢᠬᠤ ᠨᠢ ᠮᠡᠷᠭᠡᠨ ᠬᠢᠳᠡᠯ ᠪᠤᠰᠤ᠂ ᠢᠩᠭᠢᠵᠦ ᠬᠢᠵᠦ | ᠪᠤᠯᠬᠤ ᠦᠭᠡᠢ᠂ ᠨᠡᠩ ᠴᠤ ᠪᠡᠶᠡᠯᠡᠭᠳᠡᠵᠦ ᠴᠢᠳᠠᠬᠤ ᠦᠭᠡᠢ ᠶᠤᠮ᠃ | ᠬᠤᠶᠠᠷ ᠲᠤ᠂ ᠬᠡᠯᠡᠪᠡᠯ ᠢᠲᠡᠭᠡᠮᠵᠢ ᠲᠠᠢ ᠪᠠᠶᠢᠬᠤ ᠬᠡᠷᠡᠭᠲᠡᠢ᠂ ᠬᠢᠪᠡᠯ ᠵᠠᠪᠠᠯ ᠪᠡᠶᠡᠯᠡᠭᠦᠯᠬᠦ ᠬᠡᠷᠡᠭᠲᠡᠢ᠃ ᠬᠥᠮᠥᠨ ᠢᠲᠡᠭᠡᠯ | ᠦᠭᠡᠢ ᠪᠣᠯ ᠣᠷᠣᠰᠢᠨ ᠲᠣᠭᠲᠠᠵᠤ ᠴᠢᠳᠠᠬᠤ ᠦᠭᠡᠢ᠃ ᠳᠤᠮᠳᠠᠳᠤ ᠤᠯᠤᠰ ᠬᠡᠯᠡᠭᠰᠡᠨ ᠳᠡᠭᠡᠨ ᠵᠠᠪᠠᠯ ᠭᠦᠷᠳᠡᠭ᠂ ᠭᠡᠪᠡᠴᠦ | ᠬᠡᠷᠪᠡ ᠠᠮᠧᠷᠢᠺᠠ ᠶᠢᠨ ᠬᠢᠨ ᠶᠡᠷᠦᠨᠢ ᠬᠡᠯᠡᠬᠦ ᠨᠢ ᠨᠢᠭᠡ᠂ ᠬᠢᠬᠦ ᠨᠢ ᠨᠢᠭᠡ ᠪᠠᠶᠢᠪᠠᠯ ᠠᠮᠧᠷᠢᠺᠠ ᠶᠢᠨ ᠳᠦᠷᠢ ᠲᠥᠷᠬᠦ ᠳᠤ ᠮᠠᠰᠢ | ᠠᠰᠢᠭ ᠦᠭᠡᠢ ᠪᠥᠭᠡᠳ ᠬᠤᠶᠠᠷ ᠲᠠᠯ᠎ᠠ ᠶᠢᠨ ᠢᠲᠡᠭᠡᠯᠴᠡᠭᠡ ᠶᠢ ᠴᠦ ᠬᠤᠬᠢᠷᠠᠭᠤᠯᠤᠨ᠎ᠠ᠃ | ᠭᠤᠷᠪᠠ ᠳᠤ᠂ ᠡᠷᠬᠡ ᠲᠡᠭᠰᠢ ᠪᠠᠷ ᠬᠠᠨᠳᠤᠬᠤ ᠬᠡᠷᠡᠭᠲᠡᠢ᠃ ᠳᠤᠮᠳᠠᠳᠤ ᠠᠮᠧᠷᠢᠺᠠ ᠬᠤᠶᠠᠷ ᠲᠣᠮᠣ ᠤᠯᠤᠰ ᠤᠨ | ᠶᠠᠪᠤᠯᠴᠠᠭ᠎ᠠ ᠳᠤ ᠠᠯᠢ ᠨᠢᠭᠡ ᠲᠠᠯ᠎ᠠ ᠨᠢ ᠴᠦ ᠥᠪᠡᠷ ᠤᠨ ᠬᠦᠰᠡᠯ ᠰᠠᠨᠠᠭ᠎ᠠ ᠪᠠᠷ ᠢᠶᠠᠨ ᠨᠦᠭᠦᠭᠡ ᠲᠠᠯ᠎ᠠ ᠪᠠᠨ ᠥᠭᠡᠷᠡᠴᠢᠯᠡᠵᠦ | ᠪᠤᠯᠬᠤ ᠦᠭᠡᠢ᠂ ᠪᠠᠰᠠ ︽ᠪᠣᠳᠠᠲᠤ ᠬᠦᠴᠦᠨ ᠤ ᠪᠠᠶᠢᠷᠢ ᠰᠠᠭᠤᠷᠢ︾ ᠠᠴᠠ ᠪᠠᠨ ᠡᠭᠦᠰᠦᠨ ᠨᠦᠭᠦᠭᠡ ᠲᠠᠯ᠎ᠠ ᠪᠠᠨ ᠳᠠᠷᠤᠵᠤ | ᠪᠤᠯᠬᠤ ᠦᠭᠡᠢ᠂ ᠨᠡᠩ ᠴᠤ ᠲᠤᠰ ᠤᠯᠤᠰ ᠤᠨ ᠢᠶᠠᠨ ᠲᠡᠷᠢᠭᠦᠨ ᠪᠠᠶᠢᠷᠢ ᠰᠠᠭᠤᠷᠢ ᠪᠠᠨ ᠪᠠᠲᠤᠯᠠᠬᠤ ᠶᠢᠨ ᠲᠥᠯᠥᠭᠡ ᠨᠦᠭᠦᠭᠡ | ᠲᠠᠯ᠎ᠠ ᠶᠢᠨ ᠢᠶᠠᠨ ᠵᠦᠢ ᠶᠣᠰᠣᠨ ᠤ ᠬᠥᠭᠵᠢᠯᠲᠡ ᠶᠢᠨ ᠡᠷᠬᠡ ᠶᠢ ᠦᠭᠡᠶᠢᠰᠬᠡᠨ ᠬᠠᠰᠤᠵᠤ ᠪᠤᠯᠬᠤ ᠦᠭᠡᠢ᠃ | ᠳᠥᠷᠪᠡ ᠳᠤ᠂ ᠤᠯᠠᠭᠠᠨ ᠱᠤᠭᠤᠮ᠂ ᠬᠤᠷᠢᠭ᠎ᠠ ᠱᠤᠭᠤᠮ ᠲᠠᠢ ᠬᠠᠯᠳᠠᠵᠤ ᠪᠤᠯᠬᠤ ᠦᠭᠡᠢ᠃ ᠳᠤᠮᠳᠠᠳᠤ ᠠᠮᠧᠷᠢᠺᠠ ᠪᠣᠯ | ᠬᠤᠶᠠᠷ ᠲᠣᠮᠣ ᠤᠯᠤᠰ ᠪᠣᠯᠬᠤᠷ ᠵᠠᠷᠢᠮ ᠵᠥᠷᠢᠴᠡᠯ ᠵᠥᠷᠢᠯᠳᠦᠭᠡᠨ ᠭᠠᠷᠬᠤ ᠨᠢ ᠵᠠᠶᠢᠯᠠᠰᠢ ᠦᠭᠡᠢ᠂ ᠭᠡᠪᠡᠴᠦ ᠲᠤᠰ ᠲᠤᠰ ᠤᠨ | ᠭᠤᠣᠯᠯᠠᠬᠤ ᠠᠰᠢᠭ ᠲᠤᠰᠠ ᠪᠠᠨ ᠬᠤᠬᠢᠷᠠᠭᠤᠯᠵᠤ ᠪᠤᠯᠬᠤ ᠦᠭᠡᠢ᠂ ᠨᠡᠩ ᠴᠤ ᠮᠥᠷᠭᠦᠯᠳᠦᠭᠡᠨ ᠡᠰᠡᠷᠭᠦᠴᠡᠯᠳᠦᠯ ᠭᠠᠷᠭᠠᠵᠤ | ᠪᠤᠯᠬᠤ ᠦᠭᠡᠢ᠃ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠠ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ | ᠠᠯᠪᠠᠨ ᠮᠡᠳᠡᠭᠡ ᠪᠣᠯ ᠬᠤᠶᠠᠷ ᠲᠠᠯ᠎ᠠ ᠶᠢᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠮᠥᠨ᠂ ᠡᠷᠬᠡᠪᠰᠢ | ᠬᠢᠴᠢᠶᠡᠩᠭᠦ᠋ᠢᠯᠡᠨ ᠵᠢᠷᠤᠮᠯᠠᠬᠤ ᠬᠡᠷᠡᠭᠲᠡᠢ᠃ ᠲᠠᠶᠢᠸᠠᠨ ᠤ ᠠᠰᠠᠭᠤᠳᠠᠯ᠂ ᠠᠷᠠᠳᠴᠢᠯᠠᠯ ᠬᠥᠮᠥᠨ ᠤ ᠡᠷᠬᠡ᠂ ᠵᠠᠮ ᠤᠨ | ᠪᠠᠶᠢᠭᠤᠯᠤᠯ᠂ ᠬᠥᠭᠵᠢᠯᠲᠡ ᠶᠢᠨ ᠡᠷᠬᠡ ᠪᠣᠯ ᠳᠤᠮᠳᠠᠳᠤ ᠶᠢᠨ ᠲᠠᠯ᠎ᠠ ᠶᠢᠨ 4 ᠤᠯᠠᠭᠠᠨ ᠱᠤᠭᠤᠮ ᠮᠥᠨ᠂ ᠬᠠᠯᠳᠠᠵᠤ ᠪᠣᠯᠣᠰᠢ | ᠦᠭᠡᠢ᠃ ᠡᠳᠡᠭᠡᠷ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠠᠮᠤᠭ ᠤᠨ ᠴᠢᠬᠤᠯᠠ ᠰᠡᠷᠭᠡᠶᠢᠯᠡᠯᠲᠡ ᠶᠢᠨ ᠬᠡᠷᠡᠰᠬᠡ ᠪᠠ | ᠠᠮᠤᠷ ᠲᠦᠪᠰᠢᠨ ᠤ ᠲᠣᠣᠷ ᠪᠣᠯᠣᠨ᠎ᠠ᠃ | ᠲᠠᠪᠤ ᠳᠤ᠂ ᠶᠠᠷᠢᠯᠴᠠᠭ᠎ᠠ ᠪᠠ ᠬᠠᠮᠲᠤᠷᠠᠯᠴᠠᠭ᠎ᠠ ᠶᠢ ᠢᠯᠡᠭᠦᠬᠡᠨ ᠥᠷᠨᠢᠭᠦᠯᠦᠶ᠎ᠡ᠃ ᠣᠳᠣᠬᠠᠨ ᠤ ᠪᠠᠶᠢᠳᠠᠯ ᠳᠣᠣᠷ᠎ᠠ | ᠳᠤᠮᠳᠠᠳᠤ ᠠᠮᠧᠷᠢᠺᠠ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ ᠬᠠᠷᠢᠨ ᠨᠡᠩ ᠤᠯᠠᠨ | ᠪᠣᠯᠤᠭᠰᠠᠨ ᠪᠠᠶᠢᠨ᠎ᠠ᠃ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠬᠤᠣᠷ ᠴᠠᠭᠠᠵᠠᠯᠠᠬᠤ᠂ ᠬᠠᠤᠯᠢ ᠬᠡᠷᠡᠭᠵᠢᠭᠦᠯᠬᠦ | ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠤ ᠭᠡᠰᠡᠨ ᠦᠭᠡᠢ᠂ ᠡᠰᠡᠬᠦᠯ᠎ᠡ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ | ᠵᠢᠴᠢ ᠤᠯᠠᠨ ᠤᠯᠤᠰ ᠤᠨ ᠬᠠᠯᠠᠮᠰᠢᠯ ᠠᠰᠠᠭᠤᠳᠠᠯ ᠤᠨ ᠲᠠᠯ᠎ᠠ ᠪᠠᠷ ᠭᠡᠰᠡᠨ ᠦᠭᠡᠢ ᠴᠥᠮ ᠳᠤᠮᠳᠠᠳᠤ ᠠᠮᠧᠷᠢᠺᠠ ᠶᠢᠨ | ᠬᠠᠮᠲᠤᠷᠠᠯᠴᠠᠭ᠎ᠠ ᠶᠢ ᠱᠠᠭᠠᠷᠳᠠᠨ᠎ᠠ᠃ ᠳᠤᠮᠳᠠᠳᠤ ᠠᠮᠧᠷᠢᠺᠠ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠨᠠᠷᠢᠨ | ᠲᠠᠩᠰᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠪᠤᠵᠠᠭᠠᠶᠢᠷᠠᠭᠤᠯᠵᠤ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠶᠢ ᠪᠡᠶᠡᠯᠡᠭᠦᠯᠪᠡᠯ ᠵᠣᠬᠢᠨ᠎ᠠ᠃ | ᠵᠢᠷᠭᠤᠭ᠎ᠠ ᠳᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠦᠭᠭᠦᠶ᠎ᠠ᠃ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠬᠥᠭᠵᠢᠭᠦᠯᠬᠦ ᠳᠤ ᠢᠮᠠᠭᠲᠠ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠪᠣᠳᠣᠯᠬᠢᠯᠠᠵᠤ᠂ | ᠬᠤᠶᠠᠷ ᠤᠯᠤᠰ ᠤᠨ ᠠᠷᠠᠳ ᠲᠦᠮᠡᠨ ᠤ ᠬᠦᠴᠦᠨ ᠢ ᠨᠢᠭᠲᠠᠷᠠᠭᠤᠯᠪᠠᠯ ᠵᠣᠬᠢᠨ᠎ᠠ᠃ ᠳᠤᠮᠳᠠᠳᠤ ᠠᠮᠧᠷᠢᠺᠠ ᠬᠤᠶᠠᠷ | ᠲᠠᠯ᠎ᠠ ᠪᠠᠷ ᠢᠶᠠᠨ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠳᠤ | ᠬᠥᠭᠦᠷᠭᠡ ᠲᠠᠯᠪᠢᠨ ᠵᠠᠮ ᠳᠡᠪᠢᠰᠴᠦ᠂ ᠪᠠᠰᠠ ᠬᠠᠷᠰᠢ ᠰᠠᠭᠠᠳ ᠢ ᠠᠷᠢᠯᠭᠠᠵᠤ᠂ ᠵᠣᠷᠢᠭᠤᠳᠠ ᠪᠠᠷ ︽ᠵᠢᠷᠬᠢᠷ᠎ᠡ ᠶᠢᠨ ᠦᠷ᠎ᠡ | ᠨᠥᠯᠥᠭᠡ︾ ᠶᠢ ᠦᠯᠦ ᠭᠠᠷᠭᠠᠶ᠎ᠠ᠃ | ᠲᠤᠯᠤᠭ᠎ᠠ ᠳᠤ᠂ ᠲᠣᠮᠣ ᠤᠯᠤᠰ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠶ᠎ᠡ᠃ ᠳᠤᠮᠳᠠᠳᠤ ᠠᠮᠧᠷᠢᠺᠠ ᠬᠤᠶᠠᠷ | ᠤᠯᠤᠰ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ ᠴᠠᠭ ᠢᠮᠠᠭᠲᠠ ᠪᠣᠳᠣᠯᠬᠢᠯᠠᠵᠤ᠂ ᠳᠡᠯᠡᠬᠡᠢ ᠶᠢᠨ ᠡᠩᠬᠡ | ᠲᠠᠶᠢᠪᠤᠩ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠪᠦᠭᠦ ᠪᠥᠮᠪᠥᠷᠴᠡᠭ ᠲᠤ ᠤᠯᠠᠨ ᠨᠡᠶᠢᠲᠡ ᠶᠢᠨ ᠦᠢᠯᠡᠳᠬᠦᠨ ᠢ | ᠬᠠᠩᠭᠠᠵᠤ᠂ ᠳᠡᠯᠡᠬᠡᠢ ᠶᠢᠨ ᠪᠦᠯᠬᠦᠮᠳᠡᠯ ᠳᠤ ᠢᠳᠡᠪᠬᠢᠲᠡᠢ ᠦᠢᠯᠡᠳᠦᠯ ᠦᠵᠡᠭᠦᠯᠪᠡᠯ ᠵᠣᠬᠢᠨ᠎ᠠ᠂ ᠡᠭᠦᠨ ᠳᠤ ᠰᠠᠶᠢᠨ ᠰᠠᠶᠢᠬᠠᠨ | ᠬᠤᠷᠰᠢᠯᠴᠠᠯ᠂ ᠬᠠᠷᠢᠯᠴᠠᠨ ᠦᠯᠦ ᠬᠤᠬᠢᠷᠠᠭᠤᠯᠬᠤ᠂ ᠪᠤᠰᠤᠳ ᠤᠯᠤᠰ ᠢ ᠰᠦᠷᠳᠡᠭᠦᠯᠦᠨ ᠰᠢᠬᠠᠮᠳᠠᠭᠤᠯᠵᠤ ᠰᠣᠩᠭᠤᠯᠲᠠ | ᠬᠢᠯᠭᠡᠬᠦ ᠦᠭᠡᠢ ᠵᠡᠷᠭᠡ ᠶᠢ ᠪᠠᠭᠲᠠᠭᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠶᠠᠪᠤᠴᠠ ᠨᠢ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠲᠤᠷᠰᠢᠬᠢ ᠲᠤᠷᠰᠢᠯᠭ᠎ᠠ ᠪᠠ ᠰᠡᠩᠬᠡᠷᠡᠭᠦᠯᠦᠯ ᠢ ᠭᠡᠷᠡᠴᠢᠯᠡᠪᠡ᠃ ᠬᠡᠷᠪᠡ ᠬᠤᠶᠠᠷ | ᠤᠯᠤᠰ ᠬᠠᠨᠢᠲᠠᠨ ᠪᠣᠯᠵᠤ᠂ ᠠᠳᠠᠯᠢ ᠪᠠᠨ ᠡᠷᠢᠵᠦ ᠵᠥᠷᠢᠶ᠎ᠡ ᠪᠠᠨ ᠦᠯᠡᠳᠡᠭᠡᠪᠡᠯ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ | ᠲᠦᠷᠭᠡᠨ ᠬᠥᠭᠵᠢᠵᠦ ᠴᠢᠳᠠᠨ᠎ᠠ᠃ ᠬᠡᠷᠪᠡ ᠨᠦᠭᠦᠭᠡ ᠡᠲᠡᠭᠡᠳ ᠢᠶᠠᠨ ᠥᠷᠢᠰᠦᠯᠳᠦᠭᠴᠢ ᠪᠠᠨ ᠪᠤᠯᠭᠠᠵᠤ᠂ ᠲᠦᠢᠯ ᠤᠨ | ᠬᠤᠣᠷ ᠲᠠᠢ ᠥᠷᠢᠰᠦᠯᠳᠦᠬᠦ ᠳᠤ ᠭᠦᠷᠪᠡᠯ ᠳᠤᠮᠳᠠᠳᠤ ᠠᠮᠧᠷᠢᠺᠠ ᠶᠢᠨ ᠬᠠᠷᠢᠴᠠᠭ᠎ᠠ ᠳᠠᠷᠤᠢ ᠨᠤᠭᠤᠷᠠᠯ ᠪᠦᠳᠦᠷᠢᠯ ᠳᠤ | ᠤᠴᠠᠷᠠᠬᠤ ᠪᠤᠶᠤ ᠴᠢᠨᠠᠭᠰᠢᠯᠠᠪᠠᠯ ᠤᠬᠤᠷᠢᠬᠤ ᠪᠣᠯᠣᠨ᠎ᠠ᠃ ᠣᠳᠣᠬᠠᠨ ᠤ ᠳᠡᠯᠡᠬᠡᠢ ᠶᠢᠷᠲᠢᠨᠴᠦ ᠲᠣᠭᠲᠠᠭᠤᠨ ᠪᠤᠰᠤ᠂ | ᠮᠥᠷᠭᠦᠯᠳᠦᠭᠡᠨ ᠤᠯᠠᠨ ᠡᠭᠦᠰᠴᠦ᠂ ᠬᠥᠮᠥᠨ ᠲᠥᠷᠥᠯᠬᠢᠲᠡᠨ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ | ᠲᠤᠯᠭᠠᠷᠠᠵᠤ ᠪᠠᠶᠢᠨ᠎ᠠ᠃ ᠲᠣᠮᠣ ᠤᠯᠤᠰ ᠤᠨ ᠥᠷᠢᠰᠦᠯᠳᠦᠭᠡᠨ ᠨᠢ ᠴᠠᠭ ᠦᠶ᠎ᠡ ᠶᠢᠨ ᠳᠡᠪᠢᠰᠬᠡᠷ ᠥᠩᠭᠡ ᠪᠣᠯᠵᠤ ᠪᠤᠯᠬᠤ | ᠦᠭᠡᠢ᠂ ᠪᠦᠯᠬᠦᠮᠳᠡᠨ ᠬᠠᠮᠵᠢᠯᠴᠠᠪᠠᠯ ᠰᠠᠶ᠋ᠢ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠴᠢᠳᠠᠨ᠎ᠠ᠃ ︽ᠬᠠᠷᠢᠴᠠᠭ᠎ᠠ ᠪᠠᠨ | ᠲᠠᠰᠤᠯᠵᠤ ᠬᠡᠯᠬᠢᠶ᠎ᠡ ᠪᠠᠨ ᠰᠠᠯᠭᠠᠬᠤ︾ ᠨᠢ ᠰᠢᠢᠳᠪᠦᠷᠢᠯᠡᠬᠦ ᠠᠷᠭ᠎ᠠ ᠵᠠᠮ ᠪᠢᠰᠢ᠂ ᠬᠠᠷᠢᠯᠴᠠᠨ ᠠᠰᠢᠭᠲᠠᠢ ᠬᠠᠮᠲᠤᠷᠠᠯᠴᠠᠪᠠᠯ | ᠰᠠᠶ᠋ᠢ ᠬᠠᠮᠲᠤ ᠪᠠᠷ ᠬᠥᠭᠵᠢᠵᠦ ᠴᠢᠳᠠᠨ᠎ᠠ᠃ ︽ᠵᠢᠵᠢᠭ ᠬᠦᠷᠢᠶ᠎ᠡ ᠥᠨᠳᠥᠷ ᠬᠡᠷᠡᠮ︾ ᠨᠢ ᠲᠣᠮᠣ ᠤᠯᠤᠰ ᠤᠨ ᠠᠵᠢᠯᠯᠠᠭ᠎ᠠ | ᠪᠢᠰᠢ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠪᠡᠯ ᠰᠠᠶ᠋ᠢ ᠬᠥᠮᠥᠨ ᠲᠥᠷᠥᠯᠬᠢᠲᠡᠨ ᠳᠤ ᠪᠤᠶᠠᠨ ᠦᠢᠯᠡᠳᠴᠦ ᠴᠢᠳᠠᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠳᠤ | ᠬᠤᠯᠪᠣᠭᠳᠠᠬᠤ ᠪᠠᠷ ᠪᠠᠷᠠᠬᠤ ᠦᠭᠡᠢ ᠪᠠᠰᠠ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠳᠤ ᠬᠤᠯᠪᠣᠭᠳᠠᠨ᠎ᠠ᠃ | ᠳᠤᠮᠳᠠᠳᠤ ᠠᠮᠧᠷᠢᠺᠠ ᠬᠤᠶᠠᠷ ᠲᠣᠮᠣ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠦᠷᠭᠦᠯᠵᠢᠯᠡᠨ ᠰᠦᠪᠡᠭᠴᠢᠯᠡᠵᠦ᠂ | ᠳᠤᠮᠳᠠᠳᠤ ᠠᠮᠧᠷᠢᠺᠠ ᠬᠤᠶᠠᠷ ᠤᠯᠤᠰ ᠤᠨ ᠪᠥᠮᠪᠥᠷᠴᠡᠭ ᠳᠡᠭᠡᠷ᠎ᠡ ᠤᠷᠳᠤ ᠬᠤᠭᠤᠴᠠᠭ᠎ᠠ ᠪᠠᠷ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠶᠢ ᠪᠡᠶᠡᠯᠡᠭᠦᠯᠵᠦ᠂ ᠳᠡᠯᠡᠬᠡᠢ ᠳ᠋ᠠᠬᠢᠨ ᠳᠤ ᠲᠣᠬᠲᠠᠭᠠᠯᠲᠤ ᠴᠢᠨᠠᠷ ᠢ ᠢᠯᠡᠭᠦᠬᠡᠨ ᠨᠡᠮᠡᠷᠢᠯᠡᠵᠦ᠂ ᠢᠳᠡᠪᠬᠢ ᠬᠦᠴᠦᠨ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ | ᠡᠷᠡᠭᠦᠯ᠂ ᠦᠷᠭᠦᠯᠵᠢᠯᠡᠬᠦ ᠬᠥᠭᠵᠢᠯᠲᠡ ᠶᠢᠨ ᠲᠥᠯᠥᠭᠡ ᠬᠦᠴᠦᠯᠡᠬᠦ ᠬᠠᠷᠠᠯᠲᠠ ᠬᠤᠪᠢᠷᠠᠭ᠎ᠠ ᠦᠭᠡᠢ᠂ ᠬᠠᠷᠢᠯᠴᠠᠨ | ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠶᠢ ᠰᠢᠢᠳᠪᠦᠷᠢᠯᠡᠬᠦ ᠵᠠᠷᠴᠢᠮ ᠬᠤᠪᠢᠷᠠᠭ᠎ᠠ ᠦᠭᠡᠢ᠂ ᠲᠤᠰ ᠪᠡᠶ᠎ᠡ ᠶᠢᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠬᠤ ᠵᠣᠭᠰᠣᠯᠲᠠ ᠬᠤᠪᠢᠷᠠᠭ᠎ᠠ ᠦᠭᠡᠢ᠂ ᠳᠤᠮᠳᠠᠳᠤ | ᠠᠮᠧᠷᠢᠺᠠ ᠶᠢᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠬᠦ ᠬᠦᠰᠡᠯ ᠬᠤᠪᠢᠷᠠᠭ᠎ᠠ ᠦᠭᠡᠢ᠃ | ᠳᠤᠮᠳᠠᠳᠤ ᠤᠯᠤᠰ ᠳᠤᠷᠠᠲᠠᠶ᠎ᠠ ᠠᠮᠧᠷᠢᠺᠠ ᠯᠤᠭ᠎ᠠ ᠦᠷᠭᠦᠯᠵᠢᠯᠡᠨ ᠶᠠᠷᠢᠯᠴᠠᠭ᠎ᠠ ᠬᠢᠵᠦ᠂ ᠬᠠᠮᠲᠤᠷᠠᠯᠴᠠᠭ᠎ᠠ ᠪᠠᠨ ᠥᠷᠭᠡᠳᠬᠡᠵᠦ᠂ | ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠭᠢᠯᠪᠠᠷ ᠪᠤᠰᠤ ᠪᠠᠷ ᠢᠷᠡᠭᠰᠡᠨ | ᠲᠣᠭᠲᠠᠭᠤᠨ ᠪᠠᠶᠢᠳᠠᠯ ᠢ ᠦᠷᠭᠦᠯᠵᠢᠯᠡᠨ ᠪᠠᠲᠤᠯᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠲᠠᠶᠢᠸᠠᠨ᠂ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠦᠯᠵᠢᠶᠡᠨ ᠤ | ᠠᠮᠤᠷ ᠲᠦᠪᠰᠢᠨ᠂ ᠡᠮᠦᠨᠡᠲᠦ ᠲᠠᠩᠭᠢᠰ᠂ ᠦᠺᠷᠠᠶᠢᠨ ᠤ ᠬᠢᠮᠤᠷᠠᠯ ᠪᠣᠯᠣᠨ ᠰᠣᠯᠣᠩᠭᠤᠰ ᠬᠤᠶᠢᠭ ᠵᠡᠷᠭᠡ ᠠᠰᠠᠭᠤᠳᠠᠯ ᠤᠨ | ᠲᠤᠬᠠᠢ ᠳᠤᠮᠳᠠᠳᠤ ᠶᠢᠨ ᠲᠠᠯ᠎ᠠ ᠶᠢᠨ ᠵᠣᠭᠰᠣᠯᠲᠠ ᠪᠠᠨ ᠲᠣᠳᠣᠷᠬᠠᠶᠢᠯᠠᠪᠠ᠃ | ᠰᠢ ᠶᠢᠨ ᠫᠢᠩ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠨᠢ ᠲᠠᠶᠢᠸᠠᠨ | ᠬᠤᠭᠤᠯᠠᠢ ᠶᠢᠨ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠲᠠᠢ ᠨᠢᠭᠲᠠ ᠬᠤᠯᠪᠤᠭ᠎ᠠ ᠲᠠᠢ ᠶᠤᠮ᠃ ᠠᠮᠧᠷᠢᠺᠠ ᠶᠢᠨ | ᠲᠠᠯ᠎ᠠ ᠶᠢᠨ ᠬᠢᠨ ᠲᠠᠶᠢᠸᠠᠨ ᠬᠤᠭᠤᠯᠠᠢ ᠶᠢᠨ ᠭᠠᠵᠠᠷ ᠣᠷᠣᠨ ᠤ ᠡᠩᠬᠡ ᠲᠠᠶᠢᠪᠤᠩ ᠢ ᠬᠠᠮᠠᠭᠠᠯᠠᠶ᠎ᠠ ᠭᠡᠪᠡᠯ ᠵᠠᠩᠭᠢᠯᠠᠭ᠎ᠠ ᠨᠢ ᠯᠠᠢ | ᠴᠢᠩ ᠳ᠋ᠧ ᠪᠣᠯᠣᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠡᠷᠬᠡ ᠪᠠᠷᠢᠭᠴᠢᠳ ᠤᠨ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠮᠥᠨ ᠴᠢᠨᠠᠷ ᠢ ᠲᠣᠳᠣᠷᠬᠠᠢ ᠲᠠᠨᠢᠵᠤ᠂ ᠲᠠᠶᠢᠸᠠᠨ ᠤ ᠠᠰᠠᠭᠤᠳᠠᠯ ᠢ ᠲᠦᠢᠯ ᠤᠨ ᠬᠡᠷᠰᠡᠦ ᠪᠣᠯᠭᠤᠮᠵᠢᠲᠠᠢ | ᠰᠢᠢᠳᠪᠦᠷᠢᠯᠡᠵᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠶᠢ ᠲᠣᠳᠣᠷᠬᠠᠶᠢᠯᠠᠵᠤ᠂ ᠳᠤᠮᠳᠠᠳᠤ | ᠤᠯᠤᠰ ᠤᠨ ᠨᠠᠶᠢᠷᠠᠮᠳᠠᠯ ᠢᠶᠠᠷ ᠨᠢᠭᠡᠳᠬᠦ ᠶᠢ ᠳᠡᠮᠵᠢᠬᠦ ᠬᠡᠷᠡᠭᠲᠡᠢ᠃ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠯᠢᠮᠠ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠶᠢ ᠦᠭᠡᠶᠢᠰᠬᠡᠨ ᠬᠠᠰᠤᠵᠤ ᠪᠤᠯᠬᠤ ᠦᠭᠡᠢ᠂ | ᠣᠮᠲᠣᠭᠠᠶᠢᠯᠠᠵᠤ ᠪᠤᠯᠬᠤ ᠦᠭᠡᠢ᠃ ᠡᠯ᠎ᠡ ᠤᠯᠤᠰ ᠴᠥᠮ ᠤᠯᠤᠰ ᠤᠨ ᠢᠶᠠᠨ ᠠᠮᠤᠷ ᠲᠦᠪᠰᠢᠨ ᠢ ᠬᠠᠮᠠᠭᠠᠯᠠᠬᠤ | ᠬᠡᠷᠡᠭᠴᠡᠭᠡ ᠲᠠᠢ᠂ ᠤᠯᠤᠰ ᠤᠨ ᠠᠮᠤᠷ ᠲᠦᠪᠰᠢᠨ ᠤ ᠤᠬᠠᠭᠳᠠᠬᠤᠨ ᠢ ᠥᠷᠭᠡᠨ ᠢᠶᠠᠷ ᠲᠡᠯᠡᠵᠤ ᠲᠡᠯᠡᠷᠡᠭᠦᠯᠵᠦ ᠪᠤᠯᠬᠤ ᠦᠭᠡᠢ᠂ | ᠨᠡᠩ ᠴᠤ ᠡᠭᠦᠨ ᠢᠶᠠᠷ ᠰᠢᠯᠲᠠᠭ ᠪᠤᠯᠭᠠᠵᠤ ᠵᠣᠷᠢᠭᠤᠳᠠ ᠪᠠᠷ ᠪᠤᠰᠤᠳ ᠤᠯᠤᠰ ᠲᠤ ᠳᠠᠷᠤᠯᠲᠠ ᠦᠵᠡᠭᠦᠯᠵᠦ ᠪᠤᠯᠬᠤ ᠦᠭᠡᠢ᠃ | | ᠳᠤᠮᠳᠠᠳᠤ ᠤᠯᠤᠰ ᠰᠦᠯᠵᠢᠶᠡᠨ ᠤ ᠳᠠᠭᠠᠷᠢᠯᠲᠠ ᠶᠠᠪᠤᠭᠤᠯᠤᠭᠰᠠᠨ ᠭᠡᠳᠡᠭ ᠨᠢ ᠭᠡᠷᠡᠴᠢ ᠪᠠᠷᠢᠮᠲᠠ ᠦᠭᠡᠢ ᠮᠥᠷᠲᠡᠭᠡᠨ | ᠶᠣᠰᠣ ᠦᠭᠡᠢ ᠶᠤᠮ᠃ ᠳᠤᠮᠳᠠᠳᠤ ᠤᠯᠤᠰ ᠪᠣᠯ ᠤᠯᠠᠨ ᠤᠯᠤᠰ ᠤᠨ ᠰᠦᠯᠵᠢᠶᠡᠨ ᠤ ᠳᠠᠭᠠᠷᠢᠯᠲᠠ ᠶᠢᠨ ᠬᠤᠣᠷ ᠢ ᠠᠮᠰᠠᠭᠴᠢ | ᠮᠥᠨ᠂ ᠶᠠᠮᠠᠷᠪᠠ ᠭᠡᠯᠪᠡᠷᠢ ᠶᠢᠨ ᠰᠦᠯᠵᠢᠶᠡᠨ ᠤ ᠳᠠᠭᠠᠷᠢᠯᠲᠠ ᠶᠢ ᠢᠮᠠᠭᠲᠠ ᠡᠰᠡᠷᠭᠦᠴᠡᠬᠦ ᠮᠥᠷᠲᠡᠭᠡᠨ ᠲᠡᠭᠦᠨ ᠳᠤ ᠴᠣᠬᠢᠯᠲᠠ | ᠥᠭᠭᠦᠨ᠎ᠡ᠃ | ᠳᠤᠮᠳᠠᠳᠤ ᠶᠢᠨ ᠲᠠᠯ᠎ᠠ ᠡᠮᠦᠨᠡᠲᠦ ᠲᠠᠩᠭᠢᠰ ᠤᠨ ᠨᠤᠲᠤᠭ ᠳᠡᠪᠢᠰᠬᠡᠷ ᠤᠨ ᠡᠷᠬᠡ ᠮᠡᠳᠡᠯ ᠪᠣᠯᠣᠨ ᠳᠠᠯᠠᠢ ᠲᠠᠩᠭᠢᠰ ᠤᠨ | ᠡᠷᠬᠡ ᠠᠰᠢᠭ ᠢᠶᠠᠨ ᠡᠷᠡᠰ ᠬᠠᠮᠠᠭᠠᠯᠠᠨ᠎ᠠ᠃ ᠲᠤᠬᠠᠢ ᠶᠢᠨ ᠲᠠᠯ᠎ᠠ ᠶᠢᠨ ᠬᠢᠨ ᠶᠠᠷᠢᠯᠴᠠᠭ᠎ᠠ ᠵᠥᠪᠳᠡᠯᠴᠡᠭᠡ ᠬᠢᠬᠦ ᠪᠣᠯ ᠡᠮᠦᠨᠡᠲᠦ | ᠲᠠᠩᠭᠢᠰ ᠤᠨ ᠮᠠᠷᠭᠤᠯᠳᠤᠭᠠᠨ ᠢ ᠬᠠᠮᠢᠶᠠᠷᠤᠨ ᠡᠵᠡᠮᠳᠡᠬᠦ ᠬᠠᠮᠤᠭ ᠤᠨ ᠰᠠᠶᠢᠨ ᠠᠷᠭ᠎ᠠ ᠪᠣᠯᠣᠨ᠎ᠠ᠃ ᠠᠮᠧᠷᠢᠺᠠ ᠨᠠᠨᠱᠠ | ᠣᠯᠲᠣᠷᠢᠭ ᠤᠨ ᠲᠤᠬᠠᠢ ᠬᠤᠶᠠᠷ ᠲᠠᠯ᠎ᠠ ᠶᠢᠨ ᠮᠠᠷᠭᠤᠯᠳᠤᠭᠠᠨ ᠳᠤ ᠣᠷᠣᠯᠴᠠᠵᠤ ᠪᠤᠯᠬᠤ ᠦᠭᠡᠢ᠂ ᠥᠳᠥᠭᠡᠯᠭᠡ ᠬᠢᠬᠦ ᠭᠡᠨᠡᠨ | ᠠᠵᠢᠯᠯᠠᠭ᠎ᠠ ᠶᠢ ᠳᠤᠷ᠎ᠠ ᠪᠠᠷ ᠨᠢ ᠲᠠᠯᠪᠢᠵᠤ ᠲᠡᠮᠵᠢᠵᠦ ᠪᠤᠯᠬᠤ ᠦᠭᠡᠢ᠃ | ᠦᠺᠷᠠᠶᠢᠨ ᠤ ᠠᠰᠠᠭᠤᠳᠠᠯ ᠤᠨ ᠲᠠᠯ᠎ᠠ ᠪᠠᠷ ᠬᠢ ᠳᠤᠮᠳᠠᠳᠤ ᠤᠯᠤᠰ ᠤᠨ ᠵᠣᠭᠰᠣᠯᠲᠠ ᠪᠣᠯᠣᠨ ᠠᠵᠢᠯᠯᠠᠭ᠎ᠠ ᠪᠣᠯ ᠢᠮᠠᠭᠲᠠ | ᠲᠥᠪ ᠴᠢᠬᠡᠴᠢ ᠪᠠᠶᠢᠳᠠᠭ᠂ ᠡᠨᠡ ᠪᠣᠯ ᠳᠠᠷᠤᠢ ᠡᠶᠡᠳᠡᠭᠦᠯᠭᠡ ᠬᠢᠬᠦ᠂ ᠡᠶᠡᠳᠡᠭᠦᠯᠬᠦ ᠪᠠᠷ ᠢᠳᠬᠠᠬᠤ᠂ ᠬᠡᠯᠡᠯᠴᠡᠭᠡ ᠬᠢᠬᠦ ᠶᠢ | ᠠᠬᠢᠭᠤᠯᠬᠤ᠂ ᠡᠩᠬᠡ ᠲᠠᠶᠢᠪᠤᠩ ᠤᠨ ᠲᠥᠯᠥᠭᠡ ᠵᠢᠳᠬᠦᠬᠦ᠂ ᠪᠠᠶᠢᠳᠠᠯ ᠢ ᠨᠠᠮᠳᠠᠭᠤᠯᠬᠤ ᠶᠢᠨ ᠲᠥᠯᠥᠭᠡ ᠴᠢᠷᠮᠠᠶᠢᠬᠤ ᠶᠠᠪᠤᠳᠠᠯ | ᠪᠣᠯᠣᠨ᠎ᠠ᠃ ᠳᠤᠮᠳᠠᠳᠤ ᠤᠯᠤᠰ ᠰᠣᠯᠣᠩᠭᠤᠰ ᠬᠤᠶᠢᠭ ᠲᠤ ᠲᠠᠶᠢᠨ ᠳᠠᠵᠢᠨ ᠡᠭᠦᠰᠬᠡᠬᠦ ᠶᠢ ᠵᠥᠪᠰᠢᠶᠡᠷᠡᠬᠦ ᠦᠭᠡᠢ᠂ | ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠪᠣᠯᠣᠨ ᠭᠤᠣᠯᠯᠠᠭᠴᠢ ᠠᠰᠢᠭ ᠲᠤᠰᠠ | ᠰᠦᠷᠳᠡᠭᠦᠯᠦᠯ ᠳᠤ ᠤᠴᠠᠷᠠᠬᠤ ᠶᠢ ᠬᠠᠷᠠᠵᠤ ᠰᠠᠭᠤᠭᠠᠳ ᠬᠠᠶᠢᠬᠤᠷᠬᠤ ᠦᠭᠡᠢ ᠪᠠᠶᠢᠬᠤ ᠦᠭᠡᠢ ᠶᠤᠮ ᠭᠡᠵᠦ ᠴᠢᠬᠤᠯᠠᠴᠢᠯᠠᠪᠠ᠃ | | ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ | ᠬᠠᠷᠢᠯᠴᠠᠭ᠎ᠠ ᠪᠣᠯᠤᠭᠰᠠᠨ ᠤ ᠬᠤᠪᠢ ᠳᠤ ᠬᠤᠶᠠᠷ ᠤᠯᠤᠰ ᠤᠨ ᠠᠷᠠᠳ ᠲᠦᠮᠡᠨ ᠳᠤ ᠬᠤᠯᠪᠣᠭᠳᠠᠬᠤ ᠪᠠᠷ ᠪᠠᠷᠠᠬᠤ ᠦᠭᠡᠢ | ᠳᠡᠯᠡᠬᠡᠢ ᠶᠢᠨ ᠢᠷᠡᠭᠡᠳᠦᠢ ᠳᠤ ᠴᠦ ᠬᠤᠯᠪᠣᠭᠳᠠᠨ᠎ᠠ᠃ ᠠᠮᠧᠷᠢᠺᠠ ᠳᠤᠮᠳᠠᠳᠤ ᠶᠢᠨ ᠥᠷᠢᠰᠦᠯᠳᠦᠭᠡᠨ ᠨᠢ ᠮᠥᠷᠭᠦᠯᠳᠦᠭᠡᠨ | ᠪᠣᠯᠵᠤ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠪᠣᠯ ᠠᠮᠧᠷᠢᠺᠠ ᠳᠤᠮᠳᠠᠳᠤ ᠬᠤᠶᠠᠷ ᠤᠯᠤᠰ ᠤᠨ ᠵᠠᠰᠠᠭ ᠤᠨ ᠣᠷᠳᠣᠨ ᠤ | ᠬᠤᠶᠠᠷ ᠤᠯᠤᠰ ᠤᠨ ᠠᠷᠠᠳ ᠲᠦᠮᠡᠨ ᠪᠣᠯᠣᠨ ᠳᠡᠯᠡᠬᠡᠢ ᠳ᠋ᠠᠬᠢᠨ ᠳᠤ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠣᠯᠣᠨ᠎ᠠ᠃ | ᠥᠩᠭᠡᠷᠡᠭᠰᠡᠨ 4 ᠵᠢᠯ ᠳᠤ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠵᠠᠷᠢᠮ ᠶᠠᠷᠢᠯᠴᠠᠭ᠎ᠠ ᠪᠠ | ᠣᠯᠣᠯᠴᠠᠭ᠎ᠠ ᠶᠢᠨ ᠠᠷᠭ᠎ᠠ ᠵᠠᠮ ᠢ ᠰᠡᠷᠭᠦᠭᠡᠭᠰᠡᠨ ᠪᠠ ᠰᠢᠨ᠎ᠡ ᠪᠠᠷ ᠪᠠᠶᠢᠭᠤᠯᠵᠤ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭ᠎ᠠ | ᠪᠣᠯᠣᠨ ᠠᠮᠤᠷ ᠲᠦᠪᠰᠢᠨ ᠤ ᠪᠦᠯᠭᠦᠮ ᠢ ᠪᠠᠭᠲᠠᠭᠠᠭᠰᠠᠨ ᠪᠠᠶᠢᠩᠭᠤ ᠶᠢᠨ ᠴᠢᠨᠠᠷᠲᠠᠢ ᠪᠠᠶᠢᠯᠳᠤᠬᠤ ᠪᠣᠳᠣᠯᠭ᠎ᠠ ᠶᠢᠨ | ᠣᠯᠣᠯᠴᠠᠭ᠎ᠠ ᠪᠠᠨ ᠪᠠᠲᠤᠯᠠᠵᠤ᠂ ᠦᠨᠡᠨᠴᠢ ᠪᠥᠭᠡᠳ ᠭᠦᠨᠵᠡᠭᠡᠢ ᠶᠠᠷᠢᠯᠴᠠᠭ᠎ᠠ ᠥᠷᠨᠢᠭᠦᠯᠵᠦ᠂ ᠬᠤᠶᠠᠷ ᠲᠠᠯ᠎ᠠ ᠶᠢᠨ | ᠣᠶᠢᠯᠠᠭᠠᠯᠴᠠᠭ᠎ᠠ ᠶᠢ ᠨᠡᠮᠡᠭᠳᠡᠭᠦᠯᠬᠦ ᠳᠤ ᠠᠰᠢᠭᠲᠠᠢ ᠦᠢᠯᠡᠳᠦᠯ ᠦᠵᠡᠭᠦᠯᠪᠡ᠃ ᠢᠯᠠᠩᠭᠤᠶ᠎ᠠ ᠪᠢᠳᠡ ᠨᠢᠭᠡ ᠵᠢᠯ ᠤᠨ ᠡᠮᠦᠨ᠎ᠡ | ᠰᠠᠨ ᠹᠷᠠᠨᠰᠢᠰᠺᠦ ᠳᠤ ᠠᠭᠤᠯᠵᠠᠯᠲᠠ ᠬᠢᠭᠰᠡᠨ ᠠᠴᠠ ᠨᠠᠭᠠᠰᠢ ᠬᠤᠶᠠᠷ ᠲᠠᠯ᠎ᠠ ᠪᠠᠷ ᠢᠶᠠᠨ ᠴᠡᠷᠢᠭ ᠤᠨ ᠶᠠᠪᠤᠳᠠᠯ᠂ ᠬᠤᠣᠷ ᠢ | ᠴᠠᠭᠠᠵᠠᠯᠠᠬᠤ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠣᠶᠤᠨ ᠴᠢᠳᠠᠪᠤᠷᠢ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠭᠡᠯ ᠣᠯᠪᠠ᠃ | ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ 2026 ᠣᠨ ᠤ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ | ᠠᠯᠪᠠᠨ ᠶᠣᠰᠣᠨ ᠤ ᠪᠤᠰᠤ ᠬᠤᠷᠠᠯ ᠪᠣᠯᠣᠨ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ | ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠶᠢ ᠬᠠᠷᠢᠯᠴᠠᠨ ᠳᠡᠮᠵᠢᠭᠰᠡᠨ ᠨᠢ ᠠᠮᠧᠷᠢᠺᠠ ᠳᠤᠮᠳᠠᠳᠤ ᠶᠢᠨ | ᠬᠠᠮᠲᠤᠷᠠᠯᠴᠠᠭ᠎ᠠ ᠨᠢ ᠠᠷᠠᠳ ᠲᠦᠮᠡᠨ ᠳᠤ ᠪᠤᠶᠠᠨ ᠦᠢᠯᠡᠳᠴᠦ ᠳᠠᠶᠢᠯᠦᠨᠠ ᠭᠡᠳᠡᠭ ᠢ ᠢᠯᠡᠷᠡᠭᠦᠯᠪᠡ᠃ ᠠᠮᠧᠷᠢᠺᠠ ︽ᠰᠢᠨ᠎ᠡ | ᠬᠦᠢᠲᠡᠨ ᠲᠠᠶᠢᠨ︾ ᠢ ᠡᠷᠢᠯᠬᠢᠯᠡᠬᠦ ᠦᠭᠡᠢ᠂ ᠳᠤᠮᠳᠠᠳᠤ ᠤᠯᠤᠰ ᠤᠨ ᠪᠠᠶᠢᠭᠤᠯᠤᠯ ᠢ ᠬᠤᠪᠢᠷᠠᠭᠤᠯᠬᠤ ᠶᠢ ᠡᠷᠢᠯᠬᠢᠯᠡᠬᠦ ᠦᠭᠡᠢ᠂ | ᠬᠤᠯᠪᠣᠭᠠᠨ ᠤ ᠬᠠᠷᠢᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ | ᠦᠭᠡᠢ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠬᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ | ᠡᠭᠦᠰᠬᠦ ᠶᠢ ᠡᠷᠢᠯᠬᠢᠯᠡᠬᠦ ᠦᠭᠡᠢ᠂ ᠲᠠᠶᠢᠸᠠᠨ ᠤ ᠠᠰᠠᠭᠤᠳᠠᠯ ᠢ ᠠᠰᠢᠭᠯᠠᠨ ᠳᠤᠮᠳᠠᠳᠤ ᠤᠯᠤᠰ ᠲᠠᠢ ᠥᠷᠢᠰᠦᠯᠳᠦᠬᠦ ᠦᠭᠡᠢ᠃ | ᠠᠮᠧᠷᠢᠺᠠ ᠶᠢᠨ ᠬᠢᠨ ᠪᠠᠰᠠ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠠᠮᠧᠷᠢᠺᠠ ᠶᠢᠨ ᠬᠢᠨ ᠳᠤᠷᠠᠲᠠᠶ᠎ᠠ ᠰᠢᠯᠵᠢᠯᠲᠡ ᠶᠢᠨ ᠬᠤᠭᠤᠴᠠᠭᠠᠨ ᠳᠤ ᠳᠤᠮᠳᠠᠳᠤ ᠤᠯᠤᠰ ᠯᠤᠭ᠎ᠠ ᠣᠯᠣᠯᠴᠠᠭ᠎ᠠ | ᠶᠠᠷᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠮᠡᠳᠡᠷᠡᠬᠦ ᠪᠠᠨ ᠨᠡᠮᠡᠭᠳᠡᠭᠦᠯᠵᠦ᠂ ᠵᠥᠷᠢᠯᠳᠦᠭᠡᠨ ᠢᠶᠠᠨ | ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠨ᠎ᠡ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠢᠯᠤᠭᠤᠳᠬᠤ | ᠵᠠᠷᠴᠢᠮ ᠤᠨ ᠲᠤᠬᠠᠢ ᠲᠣᠬᠢᠷᠠᠯᠴᠠᠭᠰᠠᠨ 7 ᠲᠠᠯ᠎ᠠ ᠶᠢᠨ ᠬᠠᠮᠲᠤ ᠶᠢᠨ ᠲᠠᠨᠢᠯᠲᠠ᠂ ᠲᠤᠬᠠᠶᠢᠯᠠᠪᠠᠯ ᠬᠠᠷᠢᠯᠴᠠᠨ ᠬᠦᠨᠳᠦᠳᠬᠡᠬᠦ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠣᠯᠣᠯᠴᠠᠭ᠎ᠠ ᠪᠠᠨ ᠪᠠᠲᠤᠯᠠᠬᠤ᠂ ᠮᠥᠷᠭᠦᠯᠳᠦᠭᠡᠨ ᠢ ᠰᠡᠷᠭᠡᠶᠢᠯᠡᠬᠦ᠂ ︽ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠢ ᠬᠢᠴᠢᠶᠡᠩᠭᠦ᠋ᠢᠯᠡᠨ ᠰᠠᠬᠢᠬᠤ᠂ ᠬᠠᠮᠲᠤ ᠶᠢᠨ ᠠᠰᠢᠭ | ᠲᠤᠰᠠ ᠪᠦᠬᠦᠢ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ᠂ ᠬᠤᠶᠠᠷ ᠲᠠᠯ᠎ᠠ ᠶᠢᠨ ᠬᠠᠷᠢᠯᠴᠠᠭ᠎ᠠ ᠳᠠᠬᠢ ᠥᠷᠢᠰᠦᠯᠳᠦᠭᠡᠨ ᠤ | ᠡᠯᠧᠮᠧᠨ᠋ᠲ ᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠬᠦ ᠲᠤᠬᠠᠢ ᠳᠠᠬᠢᠨᠲᠠ ᠲᠣᠳᠣᠷᠬᠠᠶᠢᠯᠠᠪᠠ᠃ ᠬᠤᠶᠠᠷ | ᠲᠠᠯ᠎ᠠ ᠪᠠᠷ ᠢᠶᠠᠨ ᠳᠤᠷᠠᠲᠠᠶ᠎ᠠ ᠡᠳᠡᠭᠡᠷ ᠵᠠᠷᠴᠢᠮ ᠢ ᠪᠠᠷᠢᠮᠲᠠᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠦᠷᠭᠦᠯᠵᠢᠯᠡᠨ | ᠲᠣᠭᠲᠠᠪᠤᠷᠢᠵᠢᠭᠤᠯᠵᠤ᠂ ᠲᠣᠭᠲᠠᠭᠤᠨ ᠢᠶᠠᠷ ᠰᠢᠯᠵᠢᠭᠦ ᠶᠢ ᠪᠡᠶᠡᠯᠡᠭᠦᠯᠦᠨ᠎ᠡ᠃ | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ᠂ ᠭᠠᠳᠠᠭᠠᠳᠤ | ᠬᠠᠷᠢᠯᠴᠠᠭᠠᠨ ᠤ ᠠᠮᠤᠷ ᠲᠦᠪᠰᠢᠨ ᠤ ᠪᠦᠯᠭᠦᠮ ᠤᠨ ᠪᠠᠶᠢᠩᠭᠤ ᠶᠢᠨ ᠴᠢᠨᠠᠷᠲᠠᠢ ᠶᠠᠪᠤᠯᠴᠠᠭ᠎ᠠ᠂ ᠬᠤᠶᠠᠷ ᠤᠯᠤᠰ ᠤᠨ ᠴᠡᠷᠢᠭ᠂ | ᠠᠵᠤ ᠠᠬᠤᠢ ᠠᠷᠠᠯᠵᠢᠶ᠎ᠠ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠳᠠᠬᠢ ᠶᠠᠷᠢᠯᠴᠠᠭᠠᠨ ᠤ ᠲᠣᠭᠲᠠᠴᠠ ᠶᠢᠨ ᠴᠢᠬᠤᠯᠠ | ᠦᠢᠯᠡᠳᠦᠯ ᠢ ᠢᠳᠡᠪᠬᠢᠲᠡᠢ ᠦᠨᠡᠯᠡᠵᠦ᠂ ᠣᠯᠣᠯᠴᠠᠭ᠎ᠠ ᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠬᠤᠷᠸ᠎ᠠ ᠠᠵᠤ | ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠬᠤ ᠶᠢ ᠵᠥᠪᠰᠢᠶᠡᠷᠡᠪᠡ᠃ ᠬᠤᠶᠠᠷ ᠤᠯᠤᠰ ᠤᠨ | ᠲᠡᠷᠢᠭᠦᠨ ᠰᠠᠨ ᠹᠷᠠᠨᠰᠢᠰᠺᠦ ᠶᠢᠨ ᠠᠭᠤᠯᠵᠠᠯᠲᠠ ᠠᠴᠠ ᠨᠠᠭᠠᠰᠢᠬᠢ ᠬᠤᠣᠷ ᠴᠠᠭᠠᠵᠠᠯᠠᠬᠤ᠂ ᠠᠭᠤᠷ ᠠᠮᠢᠰᠬᠤᠯ ᠤᠨ | ᠬᠤᠪᠢᠷᠠᠯᠲᠠ᠂ ᠵᠣᠬᠢᠶᠠᠮᠠᠯ ᠤᠶᠤᠨ ᠴᠢᠳᠠᠪᠤᠷᠢ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠬᠦᠷᠢᠶᠡᠨ ᠤ ᠶᠠᠷᠢᠯᠴᠠᠭ᠎ᠠ | ᠬᠠᠮᠲᠤᠷᠠᠯᠴᠠᠭ᠎ᠠ ᠶᠢᠨ ᠣᠯᠣᠭᠰᠠᠨ ᠢᠳᠡᠪᠬᠢᠲᠡᠢ ᠠᠬᠢᠴᠠ ᠶᠢ ᠡᠷᠭᠢᠴᠡᠭᠦᠯᠪᠡ᠃ | ᠬᠤᠶᠠᠷ ᠤᠯᠤᠰ ᠤᠨ ᠲᠡᠷᠢᠭᠦᠨ ᠤ ᠦᠵᠡᠬᠦ ᠪᠠᠷ᠂ ᠬᠤᠶᠠᠷ ᠲᠠᠯ᠎ᠠ ᠪᠠᠷ ᠢᠶᠠᠨ ᠵᠣᠬᠢᠶᠠᠮᠠᠯ ᠣᠶᠤᠨ ᠴᠢᠳᠠᠪᠤᠷᠢ ᠶᠢᠨ | ᠵᠠᠰᠠᠯᠲᠠ ᠶᠢᠨ ᠲᠤᠬᠠᠢ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠶᠠᠷᠢᠯᠴᠠᠭ᠎ᠠ ᠬᠢᠵᠦ᠂ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠵᠣᠬᠢᠶᠠᠮᠠᠯ ᠣᠶᠤᠨ ᠴᠢᠳᠠᠪᠤᠷᠢ ᠶᠢᠨ ᠲᠤᠬᠠᠢ ᠲᠣᠰ ᠲᠣᠰ ᠤᠨ ᠰᠢᠢᠳᠪᠦᠷᠢ ᠶᠢ | ᠬᠤᠯᠪᠤᠭᠠᠯᠠᠨ ᠲᠣᠭᠲᠠᠭᠠᠵᠤ᠂ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠴᠢᠬᠤᠯᠠᠲᠠᠢ ᠶᠢ ᠲᠣᠳᠣᠷᠬᠠᠶᠢᠯᠠᠵᠤ᠂ | ᠵᠣᠬᠢᠶᠠᠮᠠᠯ ᠣᠶᠤᠨ ᠴᠢᠳᠠᠪᠤᠷᠢ ᠶᠢᠨ ᠰᠠᠶᠢᠨ ᠰᠠᠶᠢᠬᠠᠨ ᠲᠡᠶᠢᠰᠢ ᠬᠥᠭᠵᠢᠵᠦ ᠲᠦᠭᠡᠮᠡᠯ ᠠᠰᠢᠭ ᠬᠦᠷᠲᠡᠭᠡᠬᠦ ᠶᠢ ᠠᠬᠢᠭᠤᠯᠵᠤ᠂ | ᠬᠥᠮᠥᠨ ᠲᠥᠷᠥᠯᠬᠢᠲᠡᠨ ᠠᠴᠠ ᠴᠥᠮ᠎ᠡ ᠶᠢᠨ ᠵᠡᠪᠰᠡᠭ ᠤᠨ ᠬᠡᠷᠡᠭᠯᠡᠯᠲᠡ ᠶᠢ ᠡᠵᠡᠮᠳᠡᠬᠦ ᠲᠣᠭᠲᠠᠭᠠᠯ ᠢ ᠪᠠᠷᠢᠮᠲᠠᠯᠠᠪᠠᠯ ᠵᠣᠬᠢᠨ᠎ᠠ᠃ | ᠬᠤᠶᠠᠷ ᠤᠯᠤᠰ ᠤᠨ ᠲᠡᠷᠢᠭᠦᠨ ᠴᠥᠮ ᠡᠨᠡ ᠤᠳᠠᠭ᠎ᠠ ᠶᠢᠨ ᠠᠭᠤᠯᠵᠠᠯᠲᠠ ᠦᠨᠡᠨᠴᠢ ᠪᠥᠭᠡᠳ ᠭᠦᠨᠵᠡᠭᠡᠢ᠂ ᠪᠦᠲᠦᠭᠡᠯᠴᠢ | ᠴᠢᠨᠠᠷᠲᠠᠢ᠂ ᠳᠤᠷᠠᠲᠠᠶ᠎ᠠ ᠦᠷᠭᠦᠯᠵᠢᠯᠡᠨ ᠣᠯᠣᠯᠴᠠᠭ᠎ᠠ ᠬᠠᠷᠢᠯᠴᠠᠭ᠎ᠠ ᠪᠠᠨ ᠪᠠᠲᠤᠯᠠᠨ᠎ᠠ ᠭᠡᠵᠦ ᠦᠵᠡᠪᠡ᠃ | ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ | |