ᠡᠮᠦᠨᠡᠳᠤ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠭᠠᠯ ᠰᠡᠷᠬᠡᠶᠢᠯᠡᠵᠦ ᠤᠨᠳᠠᠷᠠᠭᠠᠬᠤ ᠰᠤᠷᠢᠯᠳᠡ ᠬᠢᠵᠡᠢ
ᠨᠡᠶᠢᠲᠡᠯᠡᠭᠰᠡᠨ ᠴᠠᠭ᠄
2024/11/20
    ᠬᠠᠷᠢᠶ᠎ᠠ ᠤᠷᠤᠨ ᠤ ᠪᠠᠶᠢᠭᠤᠯᠭ᠎ᠠ ᠶᠢᠨ ᠭᠠᠯ ᠰᠡᠷᠬᠡᠶᠢᠯᠡᠵᠦ ᠤᠨᠳᠠᠷᠠᠭᠠᠬᠤ ᠬᠢᠷᠢ ᠲᠦᠪᠰᠢᠨ ᠢ ᠦᠨᠳᠦᠷᠵᠢᠭᠦᠯᠵᠦ᠂ ᠠᠵᠢᠯᠳᠠᠳ ᠤᠨ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠠᠪᠦᠷᠢ ᠶᠢ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠶᠢᠨ ᠬᠢᠨ ᠲᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠬᠤᠪᠢᠶᠠᠷᠢ ᠺᠤᠮᠫᠠᠨᠢ ᠳᠤ ᠭᠠᠯ ᠰᠡᠷᠬᠡᠶᠢᠯᠡᠵᠦ ᠤᠨᠳᠠᠷᠠᠭᠠᠬᠤ ᠰᠤᠷᠢᠯᠳᠡ ᠬᠢᠵᠠᠢ᠃   ᠭᠠᠯ ᠰᠡᠷᠬᠡᠶᠢᠯᠡᠵᠦ ᠤᠨᠳᠠᠷᠠᠭᠠᠬᠤ ᠤᠬᠠᠭᠤᠯᠤᠬᠴᠢ ᠤᠶᠢᠷ᠎ᠠ ᠶᠢᠨ ᠬᠡᠳᠦᠨ ᠵᠢᠯ ᠠᠴᠠ ᠨᠠᠭᠠᠰᠢ ᠪᠦᠬᠦ ᠤᠯᠤᠰ ᠲᠤ ᠡᠬᠦᠰᠦᠭᠰᠡᠨ ᠭᠠᠯ ᠤᠨ ᠠᠶᠤᠯ ᠢ ᠵᠠᠳᠠᠯᠵᠦ᠂ ᠭᠠᠯ ᠤᠨ ᠠᠶᠤᠯ ᠡᠬᠦᠰᠦᠪᠡᠯ ᠴᠠᠬᠳᠠᠭ᠎ᠠ ᠳᠤ ᠬᠡᠷᠬᠢᠨ ᠮᠡᠳᠡᠬᠦᠯᠬᠦ᠂ ᠭᠠᠯ ᠤᠨᠳᠠᠷᠠᠭᠠᠭᠤᠷ ᠢ ᠬᠡᠷᠬᠢᠨ ᠬᠡᠷᠡᠭᠯᠡᠬᠦ ᠵᠢᠴᠢ ᠠᠩᠬᠠᠷᠬᠤ ᠴᠢᠬᠤᠯᠠᠳᠠᠢ ᠵᠦᠢᠯᠡᠰ ᠢ ᠲᠠᠶᠢᠯᠪᠦᠷᠢᠯᠠᠬᠰᠠᠨ ᠪᠦᠭᠡᠳ ᠠᠵᠢᠯᠳᠠᠳ ᠢ ᠵᠤᠬᠢᠶᠠᠨ ᠪᠠᠶᠢᠭᠤᠯᠤᠨ ᠭᠠᠯ ᠤᠨ ᠠᠶᠤᠯ ᠠᠴᠠ ᠲᠤᠳᠠᠭᠠᠬᠤ ᠰᠤᠷᠢᠯᠳᠠ ᠬᠢᠭᠰᠡᠨ ᠪᠠᠶᠢᠨ᠎ᠠ᠃   ᠲᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠬᠤᠪᠢᠶᠠᠷᠢ ᠺᠤᠮᠫᠠᠨᠢ ᠶᠢᠨ ᠠᠵᠢᠯᠳᠠᠳ ᠲᠤᠰ ᠤᠳᠠᠭᠠᠨ ᠤ ᠰᠤᠷᠢᠯᠳᠠ ᠪᠠᠷ ᠲᠠᠮᠵᠢᠭᠤᠯᠵᠦ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠠᠪᠦᠷᠢ ᠪᠠᠨ ᠲᠡᠭᠡᠭᠰᠢᠯᠡᠬᠦᠯᠵᠦ᠂ ᠪᠦᠬᠦ ᠠᠵᠢᠯᠳᠠᠳ ᠤᠨ ᠭᠠᠯ ᠰᠡᠷᠬᠡᠶᠢᠯᠡᠵᠦ ᠤᠨᠳᠠᠷᠠᠭᠠᠬᠤ ᠬᠠᠷᠢᠭᠤᠴᠠᠯᠭᠠᠳᠤ ᠤᠬᠠᠮᠰᠠᠷ ᠢ ᠴᠢᠩᠭᠠᠷᠠᠭᠤᠯᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号