ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/11/20
    11 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠦ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 127 ᠳ᠋ᠤᠭᠠᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠲᠤᠭᠤᠷᠢᠨ ᠪᠠᠶᠢᠴᠠᠭᠠᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠤᠰᠤᠳ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠨᠠᠷ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠪᠥᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠ ᠭᠤᠤᠯ ᠰᠢᠵᠢᠮ ᠤᠨ ᠡᠭᠦᠷᠭᠡ ᠶᠢ ᠲᠤᠭᠤᠰᠢᠯᠠᠭᠤᠯᠬᠤ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠭᠤᠤᠯ ᠰᠢᠵᠢᠮ ᠢ ᠪᠥᠬᠦ ᠲᠠᠯ᠎ᠠ ᠪᠠᠷ ᠭᠦᠨᠵᠡᠭᠡᠶ ᠪᠥᠭᠡᠳ ᠪᠣᠳᠠᠲᠠᠶ ᠪᠠᠷ ᠡᠯ᠎ᠡ ᠵᠦᠢᠯ ᠤᠨ ᠠᠵᠢᠯ ᠤᠨ ᠳᠤᠮᠳᠠ ᠪᠠᠨ ᠲᠤᠭᠤᠰᠢᠯᠠᠭᠤᠯᠬᠤ ᠬᠡᠷᠡᠭᠲᠡᠶ᠃ ︽ᠰᠤᠷᠭᠠᠭᠤᠯᠢ ᠶᠢᠨ ᠬᠦᠷᠢᠶᠡᠨ ᠤ ᠬᠤᠭᠤᠯᠠ︾᠂ ︽  ᠪᠡᠯᠡ ᠮᠦᠩᠭᠦ ᠡᠳ᠋ ᠬᠦᠷᠦᠩᠬᠡ ᠡᠬᠢ ᠪᠠᠶᠠᠯᠢᠭ︾ ᠤᠨ ᠬᠠᠮᠢᠶᠠᠷᠤᠯᠲᠠ ᠪᠠ ᠣᠷᠣᠰᠢᠭᠤᠯᠭ᠎ᠠ ᠶᠢᠨ ᠬᠦᠷᠢᠶ᠎ᠡ ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠤᠨ ᠲᠣᠭᠤᠷᠢᠨ ᠳᠤ ᠬᠢᠨᠠᠯᠲᠠ ᠲᠠᠯᠪᠢᠵᠤ ᠪᠠᠶᠢᠴᠠᠭᠠᠬᠤ᠂ ᠲᠡᠰ ᠳᠡᠪᠰᠢᠭᠦᠯᠵᠦ ᠬᠢᠨᠠᠨ ᠬᠠᠷᠭᠤᠭᠤᠯᠬᠤ ᠪᠠ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠡᠷᠡᠭ ᠰᠢᠢᠳᠪᠤᠷᠢᠯᠡᠬᠦ ᠠᠮᠤᠷ ᠲᠦᠪᠰᠢᠨ ᠪᠠ ᠬᠡᠷᠡᠭ ᠤᠨ ᠶᠠᠰᠤ ᠴᠢᠨᠠᠷ ᠤᠨ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠶ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠰᠡᠭᠦᠯᠴᠢ ᠶᠢᠨ ᠬᠠᠭᠠᠰ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠵᠤ᠂ ᠦᠨᠳᠦᠰᠦᠨ ᠠᠴᠠ ᠨᠢ ᠵᠠᠰᠠᠬᠤ᠂ ᠠᠯᠤᠰ ᠬᠡᠳᠤ ᠶᠢ ᠬᠠᠮᠢᠶᠠᠷᠬᠤ ᠠᠯᠢ ᠤᠯᠠᠨ ᠲᠦᠷᠢᠮ ᠤᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ 2024 ᠣᠨ ᠤ ᠡᠯ᠎ᠡ ᠬᠦᠷᠢᠶᠡᠨ ᠤ ᠬᠢᠯᠠᠰ ᠴᠡᠭ ᠤᠨ ᠠᠮᠵᠢᠯᠲᠠ ᠶᠢ ᠰᠠᠶᠢᠲᠤᠷ ᠡᠮᠬᠢᠯᠡᠨ ᠳ᠋ᠦᠩᠨᠡᠵᠦ᠂ 2025 ᠣᠨ ᠤ ᠬᠥᠭᠵᠢᠯᠲᠡ ᠶᠢᠨ ᠰᠡᠳᠬᠢᠴᠡ ᠶᠢ ᠤᠷᠢᠳᠴᠢᠯᠠᠨ ᠲᠥᠯᠥᠪᠵᠢᠭᠦᠯᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠪᠣᠯᠤᠨ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠡᠭᠦᠰ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号