︽ᠨᠡᠶᠢᠭᠡᠮ ᠤᠨ ᠲᠠᠭᠠᠳᠬᠠᠯ ᠤᠨ ᠲᠦᠷᠥ ᠶᠢᠨ ᠪᠤᠳᠤᠯᠭ᠎ᠠ ᠲᠦᠢᠯ ᠤᠨ ᠰᠠᠶᠢᠨ᠂ ᠪᠢ ᠡᠬᠡᠨᠠᠷ ᠲᠠᠢ ᠪᠠᠨ 10 | ᠭᠠᠷᠤᠢ ᠵᠢᠯ ᠨᠡᠶᠢᠭᠡᠮ ᠤᠨ ᠲᠠᠭᠠᠳᠬᠠᠯ ᠤᠨ ᠮᠦᠩᠬᠦ ᠲᠤᠰᠢᠶᠠᠵᠤ᠂ ᠤᠳᠤ ᠮᠢᠨᠤ ᠡᠬᠡᠨᠡᠷ ᠡᠬᠢᠯᠡᠭᠡᠳ ᠴᠠᠯᠢᠩ ᠤᠯᠤᠯ᠎ᠠ | ᠃ ᠪᠢ 2 ᠵᠢᠯ ᠤᠨ ᠲᠠᠷᠠᠭ᠎ᠠ ᠴᠠᠯᠢᠩ ᠤᠯᠴᠢᠬᠠᠨ᠎ᠠ᠃ ᠡᠨᠡ ᠮᠦᠩᠬᠦ ᠶᠢ ᠪᠢᠳᠡ ᠵᠦᠬᠡᠷ ᠲᠤᠰᠢᠶᠠᠭᠰᠠᠨ ᠦᠭᠡᠢ᠂ | ᠦᠳᠡᠯᠦᠭᠰᠡᠨ ᠤ ᠰᠡᠭᠦᠯᠡᠷ ᠠᠮᠢᠳᠤᠷᠠᠯ ᠪᠠᠳᠤᠯᠠᠭ᠎ᠠ ᠲᠠᠢ ᠰᠢᠤ︾ ᠭᠡᠵᠤ ᠬᠤᠷᠴᠢᠨ ᠪᠠᠷᠠᠭᠤᠨ ᠭᠠᠷᠤᠨ ᠡᠮᠤᠨᠡᠳᠤ | ᠬᠤᠰᠢᠭᠤᠨ ᠤ ᠪᠤᠷᠭᠠᠰᠤᠳᠠᠢ ᠰᠢᠶᠠᠩ ᠤᠨ ᠬᠠᠯᠠᠭᠠᠢ ᠲᠤᠰᠬᠤᠨ ᠤ ᠠᠷᠠᠳ ᠴᠢᠣᠢ ᠱᠢ ᠱᠦ ᠶᠠᠷᠢᠨ᠎ᠠ᠃ | ᠤᠶᠢᠷ᠎ᠠ ᠶᠢᠨ ᠡᠳᠤᠷ᠂ ᠡᠮᠤᠨᠡᠳᠤ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠶᠢᠨ ᠲᠤᠪᠴᠢᠶ᠎ᠠ ︽ᠨᠡᠶᠢᠭᠡᠮ ᠤᠨ ᠲᠠᠭᠠᠳᠬᠠᠯ ᠤᠨ ᠦᠢᠯᠡᠴᠢᠯᠡᠭᠡ ᠶᠢ ᠲᠦᠮᠡᠨ ᠡᠷᠤᠬᠡ ᠳᠤ ᠬᠦᠷᠭᠡᠬᠦ︾ | ᠠᠵᠢᠯᠯᠠᠭ᠎ᠠ ᠦᠷᠨᠢᠬᠦᠯᠪᠠ᠃ ᠠᠵᠢᠯᠯᠠᠭ᠎ᠠ ᠪᠠᠨ ᠬᠦᠮᠦᠨ ᠤᠯᠠᠨ ᠴᠤᠭᠯᠠᠷᠠᠳᠠᠭ ᠬᠠᠯᠠᠭᠠᠢ ᠲᠤᠰᠬᠤᠨ ᠤ ᠵᠠᠬ᠎ᠠ | ᠲᠡᠯᠭᠡᠬᠦᠷ ᠤᠨ ᠤᠶᠢᠷ᠎ᠠ ᠬᠠᠪᠢ ᠳᠤ ᠲᠤᠬᠢᠷᠠᠭᠤᠯᠤᠨ᠂ ᠤᠷᠢᠶ᠎ᠠ ᠯᠤᠽᠤᠩ ᠡᠯᠬᠦᠬᠦ᠂ ᠲᠤᠬᠠᠢ ᠶᠢᠨ ᠲᠠᠯᠠᠪᠠᠢ ᠳᠤ | ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠪᠠᠷ ᠤᠬᠠᠭᠤᠯᠭ᠎ᠠ ᠬᠢᠵᠤ᠂ | ᠲᠦᠷᠥ ᠶᠢᠨ ᠪᠤᠳᠤᠯᠭ᠎ᠠ ᠶᠢ ᠤᠯᠠᠨ ᠲᠦᠮᠡᠨ ᠳᠤ ᠲᠠᠶᠢᠯᠪᠤᠷᠢᠯᠠᠨ᠂ ᠲᠦᠷᠥ ᠶᠢᠨ ᠪᠤᠳᠤᠯᠭ᠎ᠠ ᠶᠢ ᠠᠰᠢᠭᠯᠠᠬᠤ ᠪᠠ | ᠲᠦᠷᠥ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠬᠦ ᠲᠤᠬᠠᠢ ᠤᠯᠠᠨ ᠲᠦᠮᠡᠨ ᠤ ᠲᠠᠨᠢᠯᠳᠠ ᠶᠢ ᠲᠡᠭᠡᠭᠰᠢᠯᠡᠭᠦᠯᠵᠠᠢ᠃ | ︽ᠡᠨᠡᠬᠦ ᠲᠦᠷᠥ ᠶᠢᠨ ᠪᠤᠳᠤᠯᠭ᠎ᠠ ᠶᠢ ᠤᠤᠯ ᠳᠠᠭᠠᠨ ᠲᠡᠮᠡᠢ ᠤᠶᠢᠯᠠᠭᠠᠬᠤ ᠦᠭᠡᠢ ᠪᠠᠶᠢᠵᠠᠢ᠂ ᠦᠨᠤᠳᠤᠷ | ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶᠠᠨ ᠤ ᠺᠠᠳ᠋ᠷ ᠠᠵᠢᠯᠳᠠᠨ ᠤ | ᠲᠠᠶᠢᠯᠪᠤᠷᠢᠯᠠᠬᠤ ᠶᠢ ᠰᠤᠨᠤᠰᠤᠭᠠᠳ ᠲᠤᠳᠤᠷᠬᠠᠢ ᠤᠶᠢᠯᠠᠭᠠᠯᠳᠠ ᠲᠠᠢ ᠪᠤᠯᠵᠤ᠂ ᠪᠢ ᠪᠠᠰᠠ ᠨᠡᠶᠢᠭᠡᠮ ᠤᠨ | ᠲᠠᠭᠠᠳᠬᠠᠯ ᠤᠨ ᠮᠦᠩᠬᠦ ᠲᠤᠰᠢᠶᠠᠨ᠎ᠠ ᠭᠡᠵᠤ ᠪᠤᠳᠤᠵᠤ ᠪᠤᠢ︾ ᠭᠡᠵᠤ ᠪᠤᠷᠭᠠᠰᠤᠳᠠᠢ ᠰᠢᠶᠠᠩ ᠤᠨ ᠬᠠᠯᠠᠭᠠᠢ | ᠲᠤᠰᠬᠤᠨ ᠤ ᠲᠠᠷᠢᠶᠠᠴᠢᠨ ᠰᠢᠣᠸᠠᠢ ᠳ᠋ᠦᠩ ᠰᠤᠷᠪᠤᠯᠵᠢᠯᠠᠭᠴᠢ ᠳᠤ ᠬᠡᠯᠡᠵᠦ ᠪᠠᠶᠢᠯ᠎ᠠ᠃ | ᠤᠶᠢᠯᠠᠭᠠᠭᠰᠠᠨ ᠢᠶᠠᠷ᠂ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠨ ᠨᠢᠭᠡ ᠭᠠᠷᠠᠭ | ᠦᠷᠬᠦᠯᠵᠢᠯᠡᠭᠦᠯᠵᠦ᠂ ᠨᠡᠶᠢᠭᠡᠮ ᠤᠨ ᠲᠠᠭᠠᠳᠬᠠᠯ ᠤᠨ ᠲᠤᠬᠠᠢ ᠲᠦᠷᠥ ᠶᠢᠨ ᠪᠤᠳᠤᠯᠭ᠎ᠠ ᠶᠢ ᠪᠦᠬᠦ ᠨᠡᠶᠢᠭᠡᠮ ᠳᠤ | ᠤᠶᠢᠯᠠᠭᠠᠭᠤᠯᠵᠤ᠂ ᠠᠷᠠᠳ ᠲᠤ ᠠᠰᠢᠭ ᠬᠦᠷᠳᠡᠭᠡᠬᠦ ᠪᠤᠯᠤᠨ᠎ᠠ᠃ | ᠡᠮᠤᠨᠡᠳᠤ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ | ᠲᠤᠪᠴᠢᠶ᠎ᠠ ᠶᠢᠨ ᠠᠵᠢᠯᠳᠠᠨ ᠯᠢᠥ ᠴᠦᠨ ᠯᠢ᠄ ︽ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠬᠠᠮᠢᠶ᠎ᠠ | ᠪᠦᠬᠦᠢ ᠲᠦᠷᠥ ᠶᠢᠨ ᠪᠤᠳᠤᠯᠭ᠎ᠠ ᠶᠢᠨ ᠠᠭᠤᠯᠭ᠎ᠠ ᠵᠢᠴᠢ ᠨᠠᠰᠤᠵᠢᠯ ᠤᠨ ᠲᠠᠭᠠᠳᠬᠠᠯ ᠤᠨ ᠡᠯ᠎ᠠ ᠲᠦᠷᠤᠯ ᠤᠨ | ᠠᠷᠠᠳ ᠲᠤ ᠠᠰᠢᠭ ᠬᠦᠷᠳᠡᠭᠡᠬᠦ ᠲᠦᠷᠥ ᠶᠢᠨ ᠪᠤᠳᠤᠯᠭ᠎ᠠ ᠶᠢ ᠤᠯᠠᠨ ᠲᠦᠮᠡᠨ ᠳᠤ ᠤᠶᠢᠯᠠᠭᠠᠭᠤᠯᠵᠤ᠂ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠬᠠᠮᠢᠶ᠎ᠠ ᠪᠦᠬᠦᠢ ᠲᠦᠷᠥ ᠶᠢᠨ ᠪᠤᠳᠤᠯᠭ᠎ᠠ ᠶᠢ ᠤᠶᠢᠯᠠᠭᠠᠬᠤ ᠬᠡᠮᠵᠢᠶ᠎ᠠ ᠪᠠ | ᠲᠠᠭᠠᠳᠬᠠᠯ ᠳᠤ ᠤᠷᠤᠯᠴᠠᠬᠤ ᠲᠠᠨᠢᠯᠳᠠ ᠶᠢ ᠨᠢ ᠲᠡᠭᠡᠭᠰᠢᠯᠡᠬᠦᠯᠬᠦ ᠪᠤᠯᠤᠨ᠎ᠠ︾ ᠭᠡᠪᠠ᠃ |