| ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠪᠣᠯ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠵᠦᠢᠯ ᠤᠨ ᠢᠨᠵᠧᠨᠧᠷᠢᠩ︾ ᠤᠨ | ᠨᠢᠭᠡ ᠪᠣᠯᠤᠨ᠎ᠠ᠂ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠭᠤᠣᠯ ᠠᠭᠤᠯᠭ᠎ᠠ | ᠪᠣᠯᠤᠨ᠎ᠠ᠃ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠵᠢᠯᠣᠭᠤᠳᠤᠨ ᠠᠬᠢᠭᠤᠯᠵᠤ᠂ ᠤᠷᠤᠨ᠂ ᠠᠶᠢᠮᠠᠭ ᠬᠤᠶᠠᠷ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠪᠠ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠮᠠᠨ ᠤ ᠬᠤᠰᠢᠭᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠲᠣᠰ ᠲᠥᠰᠦᠯ ᠤᠨ ᠶᠡᠷᠦᠩᠬᠡᠶ ᠠᠭᠤᠯᠭ᠎ᠠ ᠶᠢ ᠬᠤᠷᠢᠶᠠᠩᠭᠤᠶᠢᠯᠠᠪᠠᠯ᠄ 1 ᠠᠵᠢᠯ ᠤᠨ ᠰᠡᠳᠬᠢᠮᠵᠢ ᠶᠢ ᠲᠣᠳᠣᠷᠬᠠᠶᠢᠯᠠᠵᠤ᠂ | 4 ᠠᠵᠢᠯ ᠤᠨ ᠵᠠᠷᠴᠢᠮ ᠢ ᠦᠨᠳᠦᠰᠦᠯᠡᠨ᠂ ᠪᠦᠰᠡᠯᠡᠯᠲᠡ ᠰᠢᠪᠲᠤᠯᠬᠤ 4 ᠴᠡᠭ ᠢ ᠲᠣᠭᠲᠠᠭᠠᠵᠤ᠂ 3 ᠲᠠᠰ ᠤᠨ | ᠪᠦᠰᠡᠯᠡᠯᠲᠡ ᠰᠢᠪᠲᠤᠯᠬᠤ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠨ᠂ ᠪᠦᠰᠡᠯᠡᠯᠲᠡ ᠰᠢᠪᠲᠤᠯᠬᠤ 4 ᠵᠦᠢᠯ ᠤᠨ | ᠵᠠᠭᠪᠤᠷ ᠢ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠠᠵᠢᠯ ᠢ ᠪᠥᠬᠦ | ᠬᠦᠴᠦᠨ ᠢᠶᠠᠷ ᠠᠬᠢᠭᠤᠯᠤᠨ᠎ᠠ᠃ | ᠠᠵᠢᠯ ᠤᠨ ᠰᠡᠳᠬᠢᠴᠡ᠄ ᠲᠣᠰ ᠲᠥᠰᠦᠯ ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ︽ᠣᠷᠣᠨ ᠪᠠᠶᠢᠷᠢ | ᠡᠷᠢᠬᠦ᠂ ᠪᠦᠯᠬᠦᠮ ᠨᠡᠶᠢᠲᠡ ᠡᠷᠢᠬᠦ᠂ ᠵᠠᠭᠪᠤᠷ ᠡᠷᠢᠬᠦ︾ ᠠᠵᠢᠯ ᠤᠨ ᠰᠡᠳᠬᠢᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ | ᠣᠷᠣᠨ ᠠᠶᠢᠮᠠᠭ ᠬᠤᠶᠠᠷ ᠱᠠᠲᠤᠨ ᠤ ᠲᠣᠭᠲᠠᠭᠠᠭᠰᠠᠨ ︽ᠪᠦᠰᠡᠯᠡᠯᠲᠡ ᠰᠢᠪᠲᠤᠯᠬᠤ︾ ᠴᠢᠭᠯᠡᠯ ᠶᠣᠰᠣᠭᠠᠷ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾᠂ ᠰᠢᠨ᠎ᠡ ᠴᠢᠨᠠᠷ ᠪᠦᠬᠦᠢ ᠦᠢᠯᠡᠳᠪᠤᠷᠢᠯᠡᠯ ᠤᠨ ᠬᠦᠴᠦᠨ ᠢ ᠪᠣᠶ | ᠪᠣᠯᠭᠠᠬᠤ ᠪᠠᠷ ᠬᠠᠷᠠᠯᠲᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯ ᠤᠨ | ᠠᠴᠢᠶᠠᠯᠠᠪᠤᠷᠢ ᠶᠢᠨ ᠠᠷᠭ᠎ᠠ ᠬᠡᠮᠵᠢᠶ᠎ᠡ ᠶᠢ ᠡᠮᠬᠢᠯᠡᠨ ᠨᠡᠶᠢᠯᠡᠭᠦᠯᠵᠦ᠂ ᠪᠦᠬᠦᠯᠢ ᠴᠣᠭᠴᠠ ᠶᠢᠨ ᠳᠡᠭᠡᠭᠰᠢᠯᠡᠯᠲᠡ ᠶᠢ | ᠳᠠᠶᠢᠴᠢᠯᠠᠬᠤ ᠪᠠᠷ ᠴᠢᠷᠮᠠᠶᠢᠨ᠎ᠠ᠃ | ᠠᠵᠢᠯ ᠤᠨ ᠵᠠᠷᠴᠢᠮ᠄ ᠲᠥᠰᠦᠯ ᠳᠤ ︽ᠪᠣᠳᠠᠲᠠᠶ ᠳᠤ ᠰᠠᠭᠤᠷᠢᠯᠠᠨ᠂ ᠴᠡᠭ ᠢᠶᠠᠨ ᠣᠨᠣᠪᠴᠢᠲᠠᠶ ᠡᠷᠢᠬᠦ᠂ | ᠭᠤᠤᠯᠳᠠᠯᠭ᠎ᠠ ᠶᠢ ᠳᠣᠪᠤᠶᠢᠯᠭᠠᠨ᠂ ᠠᠵᠤ ᠦᠢᠯᠡᠰ ᠢ ᠬᠥᠲᠥᠯᠦᠨ ᠳᠠᠭᠠᠭᠤᠯᠬᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ | ᠡᠬᠢ ᠪᠠᠶᠠᠯᠢᠭ ᠢ ᠲᠥᠪᠯᠡᠷᠡᠭᠦᠯᠬᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠤᠤᠯ ᠴᠣᠭᠴᠠ ᠶᠢ ᠪᠤᠢ ᠪᠤᠯᠭᠠᠬᠤ︾ | ᠵᠡᠷᠭᠡ 4 ᠵᠦᠢᠯ ᠤᠨ ᠠᠵᠢᠯ ᠤᠨ ᠵᠠᠷᠴᠢᠮ ᠢ ᠲᠣᠳᠣᠷᠬᠠᠶ ᠲᠣᠭᠲᠠᠭᠠᠪᠠ᠃ | ᠠᠵᠢᠯ ᠤᠨ ᠠᠷᠭ᠎ᠠ ᠬᠡᠮᠵᠢᠶ᠎ᠡ᠄ ᠨᠢᠭᠡ ᠳᠤ ᠪᠦᠰᠡᠯᠡᠯᠲᠡ ᠰᠢᠪᠲᠤᠯᠬᠤ 4 ᠴᠡᠭ ᠢ ᠲᠣᠭᠲᠠᠭᠠᠨ᠎ᠠ᠃ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠲᠠᠪᠤᠨ ᠶᠡᠭᠡ ᠬᠦᠷᠢᠶ᠎ᠡ᠂ | ᠨᠠᠢᠮᠠᠨ ᠴᠢᠭᠯᠡᠯ ᠢ ᠮᠠᠨ ᠤ ᠬᠤᠰᠢᠭᠤᠨ ᠤ ᠠᠵᠤ ᠦᠢᠯᠡᠰ ᠤᠨ ᠪᠣᠳᠠᠲᠠᠶ ᠲᠠᠢ ᠭᠦᠢᠴᠡᠳ ᠤᠶᠠᠯᠳᠤᠭᠤᠯᠵᠤ᠂ ᠠᠮᠢᠳᠤ | ᠪᠣᠳᠠᠰ ᠤᠨ ᠡᠭᠦᠯᠳᠡᠷ ᠪᠤᠶᠢᠵᠢᠭᠤᠯᠬᠤ᠂ ᠳᠣᠤᠷ᠎ᠠ ᠨᠡᠭᠦᠷᠡᠰᠦᠲᠥ᠋ᠷᠥᠭᠴᠢᠲᠦ ᠡᠨᠧᠷᠭᠢ᠂ ᠲᠠᠷᠢᠶᠠᠯᠠᠩ ᠤᠨ ᠪᠦᠳᠦᠭᠡᠭᠳᠡᠭᠦᠨ | ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠳᠥᠷᠪᠡᠨ ᠬᠦᠷᠢᠶ᠎ᠡ ᠶᠢ ᠮᠠᠨ ᠤ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠴᠡᠭ ᠪᠠ ᠭᠤᠤᠯ ᠰᠢᠪᠲᠤᠯᠤᠯᠲᠠ ᠶᠢᠨ | ᠴᠢᠭᠯᠡᠯ ᠪᠣᠯᠭᠠᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠥᠷᠨᠢᠭᠦᠯᠵᠦ᠂ ᠨᠢᠭᠡ | ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠬᠤ ᠪᠠᠷ ᠴᠢᠷᠮᠠᠶᠢᠨ᠎ᠠ᠃ ᠬᠤᠶᠠᠷ ᠲᠤ | ᠪᠦᠰᠡᠯᠡᠯᠲᠡ ᠰᠢᠪᠲᠤᠯᠬᠤ 3 ᠳᠡᠰ ᠤᠨ ᠪᠦᠯᠬᠦᠮ ᠨᠡᠶᠢᠳᠡ ᠶᠢ ᠣᠷᠣᠭᠤᠯᠤᠨ ᠠᠪᠴᠢᠷᠠᠨ᠎ᠠ᠃ ᠤᠯᠤᠰ ᠤᠨ ᠳᠣᠲᠣᠭᠠᠳᠤ ᠶᠢᠨ | ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠯ᠎ᠡ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠤ | ᠪᠦᠯᠬᠦᠮ ᠨᠡᠶᠢᠳᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ︽ᠤᠯᠤᠰ ᠤᠨ ᠡᠩᠨᠡᠭᠡ ︵ᠤᠯᠤᠰ ᠤᠨ ᠲᠠᠰ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ︶ + ᠣᠷᠣᠨ ᠨᠤᠲᠤᠭ ᠤᠨ ᠡᠩᠨᠡᠭᠡ ︵ᠣᠷᠣᠨ ᠨᠤᠲᠤᠭ ᠤᠨ | ᠶᠡᠭᠡ ᠳᠡᠭᠡᠳᠦ ᠰᠤᠷᠭᠠᠭᠤᠯᠢ︶ + ᠠᠷᠠᠳ ᠤᠨ ᠡᠩᠨᠡᠭᠡ ︵ᠠᠷᠠᠳ ᠤᠨ ᠳᠤᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ︶︾ ᠭᠡᠬᠦ ᠭᠤᠷᠪᠠᠨ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠰᠢᠰᠲ᠋ᠧᠮ ᠢ ᠪᠣᠶ ᠪᠣᠯᠭᠠᠵᠤ᠂ ᠭᠠᠳᠠᠨ᠎ᠠ ᠠᠴᠠ ᠢᠷᠡᠭᠰᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ + | ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ | ᠪᠦᠷᠢᠯᠳᠦᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠪᠦᠯᠬᠦᠮ ᠨᠡᠶᠢᠳᠡ ᠶᠢ ᠪᠣᠶ | ᠪᠣᠯᠭᠠᠨ᠎ᠠ᠃ ᠭᠤᠷᠪᠠ ᠳᠤ ᠪᠦᠰᠡᠯᠡᠯᠲᠡ ᠰᠢᠪᠲᠤᠯᠬᠤ 4 ᠵᠦᠢᠯ ᠤᠨ ᠵᠠᠭᠪᠤᠷ ᠢ ᠲᠣᠭᠲᠠᠭᠠᠨ᠎ᠠ᠃ ᠮᠠᠨ ᠤ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠠᠯ᠎ᠠ ᠶᠢᠨ ᠠᠰᠢᠭᠲᠠᠶ ᠡᠬᠢ ᠪᠠᠶᠠᠯᠢᠭ ᠢ ᠠᠰᠢᠭᠯᠠᠨ᠂ ︽ᠰᠢᠷᠣᠶ | ᠳᠠᠭᠠᠭᠤᠯᠤᠨ ᠰᠢᠯᠵᠢᠭᠦᠯᠦᠨ ᠤᠷᠭᠤᠭᠤᠯᠬᠤ︾ ︽ᠵᠤᠵᠠᠭᠠᠨ ᠬᠦᠷᠦᠰᠦᠨ ᠳᠤ ᠪᠤᠶᠢᠵᠢᠭᠤᠯᠬᠤ︾ ︽ᠠᠶᠢᠮᠠᠭ ᠬᠤᠰᠢᠭᠤ | ᠬᠠᠮᠲᠤ ᠪᠠᠷ ᠪᠠᠶᠢᠭᠤᠯᠬᠤ︾ ︽ᠤᠭᠤᠷᠴᠠᠭ ᠬᠠᠷᠢᠶ᠎ᠠ ᠭᠠᠵᠠᠷ ᠢ ᠤᠨᠳᠤᠤᠰᠢᠭᠤᠯᠬᠤ︾ ᠳᠥᠷᠪᠡᠨ ᠵᠦᠢᠯ ᠤᠨ ᠪᠦᠰᠡᠯᠡᠯᠲᠡ | ᠰᠢᠪᠲᠤᠯᠬᠤ ᠵᠠᠭᠪᠤᠷ ᠢ ᠪᠣᠶ ᠪᠣᠯᠭᠠᠨ᠎ᠠ᠃ |