| | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠶᠢᠨ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠪᠷᠠᠽᠢᠯ ᠤᠨ | ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ | ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ | ᠪᠣᠯᠭᠠᠨ ᠳᠡᠭᠡᠭᠰᠢᠯᠡᠭᠦᠯᠦᠨ᠎ᠠ ᠭᠡᠵᠦ ᠨᠡᠶᠢᠲᠡᠯᠡᠪᠡ᠃ | ᠵᠤᠨ ᠤ ᠡᠬᠢᠨ ᠤ ᠪᠷᠠᠽᠢᠯᠢᠶ᠎ᠠ ᠲᠡᠭᠷᠢ ᠨᠢ ᠴᠡᠯᠮᠡᠭ ᠠᠭᠠᠷ ᠨᠢ ᠲᠤᠩᠭᠠᠯᠠᠭ ᠪᠠᠶᠢᠯ᠎ᠠ᠃ ᠦᠷ ᠤᠨ ᠭᠡᠭᠡ ᠣᠷᠳᠣᠨ ᠳᠤ | ᠡᠪᠡᠰᠦ ᠮᠣᠳᠣ ᠨᠣᠭᠤᠭᠠᠷᠠᠵᠤ᠂ 450 ᠰᠦᠷ ᠵᠢᠪᠬᠤᠯᠠᠩᠲᠤ ᠶᠣᠰᠣᠯᠠᠯ ᠤᠨ ᠴᠡᠷᠢᠭ ᠲᠡᠷᠢ ᠲᠡᠭᠰᠢ ᠵᠢᠭᠰᠠᠪᠠ᠃ 120 | ᠨᠡᠷᠡᠰ ᠭᠠᠪᠰᠢᠭᠠᠢ ᠮᠣᠷᠢᠲᠤ ᠴᠡᠷᠢᠭ ᠤᠨ ᠬᠠᠮᠠᠭᠠᠯᠠᠯ ᠳᠣᠣᠷ᠎ᠠ ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠦᠷ ᠤᠨ ᠭᠡᠭᠡ | ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ ᠭᠦᠷᠪᠡ᠃ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ | ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ | ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ | ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ | ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠶᠡᠷᠦᠩᠬᠡᠶᠢᠯᠡᠭᠴᠢ ᠯᠦᠯᠠ ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ | ᠠᠪᠤᠭᠰᠠᠨ ᠪᠥᠭᠡᠳ ᠥᠪᠡᠳᠡᠭᠰᠢ ᠤᠭᠲᠤᠬᠤ ᠶᠣᠰᠣᠯᠠᠯ ᠶᠠᠪᠤᠭᠤᠯᠪᠠ᠃ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠪᠡ᠃ ᠬᠤᠶᠠᠷ ᠤᠯᠤᠰ ᠤᠨ ᠲᠡᠷᠢᠭᠦᠨ ᠬᠠᠮᠲᠤ ᠪᠠᠷ ᠶᠣᠰᠣᠯᠠᠯ ᠤᠨ ᠠᠩᠭᠢ ᠶᠢᠨ ᠵᠢᠭᠰᠠᠭᠠᠯ ᠢ ᠦᠵᠡᠪᠡ᠃ | ᠳᠤᠮᠳᠠᠳᠤ ᠪᠷᠠᠽᠢᠯ ᠤᠨ ᠬᠡᠦᠬᠡᠳ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠨ ᠰᠢ ᠶᠢᠨ ᠫᠢᠩ ᠢ ᠬᠠᠯᠠᠭᠤᠨ ᠢᠶᠠᠷ | ᠤᠭᠲᠤᠪᠠ᠃ ᠪᠷᠠᠽᠢᠯ ᠤᠨ ᠤᠷᠠᠯᠢᠭᠴᠢᠨ ᠬᠢᠲᠠᠳ ᠭᠡᠯᠡ ᠪᠠᠷ ︽ᠮᠢᠨᠤ ᠡᠬᠡ ᠤᠯᠤᠰ︾ ᠭᠡᠬᠦ ᠳᠠᠭᠤᠤ ᠶᠢ ᠳᠠᠭᠤᠯᠠᠪᠠ᠃ | ᠬᠤᠶᠠᠷ ᠤᠯᠤᠰ ᠤᠨ ᠲᠡᠷᠢᠭᠦᠨ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ | ᠮᠡᠨᠳᠦᠴᠢᠯᠡᠪᠡ᠃ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ | ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ | ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠬᠡᠯᠡᠯᠴᠡᠭᠡ ᠠᠴᠠ ᠡᠮᠦᠨ᠎ᠡ᠂ ᠶᠡᠷᠦᠩᠬᠡᠶᠢᠯᠡᠭᠴᠢ ᠯᠦᠯᠠ | ᠪᠣᠯᠣᠨ ᠲᠡᠭᠦᠨ ᠤ ᠬᠠᠲᠤᠨ ᠯᠦᠸᠧᠰᠠᠩᠷᠧᠯᠠ ᠰᠢ ᠶᠢᠨ ᠫᠢᠩ ᠢ ᠬᠠᠯᠠᠭᠤᠨ ᠢᠶᠠᠷ ᠤᠭᠲᠤᠨ ᠠᠪᠤᠭᠰᠠᠨ ᠪᠥᠭᠡᠳ ᠥᠪᠡᠳᠡᠭᠰᠢ | ᠤᠭᠲᠤᠬᠤ ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠤᠭᠲᠤᠬᠤ ᠶᠣᠰᠣᠯᠠᠯ ᠤᠨ ᠳᠠᠷᠠᠭ᠎ᠠ ᠬᠤᠶᠠᠷ ᠤᠯᠤᠰ ᠤᠨ ᠲᠡᠷᠢᠭᠦᠨ ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠪᠷᠠᠽᠢᠯ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠬᠦᠷᠴᠦ ᠢᠷᠡᠭᠰᠡᠨ ᠡᠨᠡ | ᠬᠦ ᠴᠢᠬᠤᠯᠠ ᠲᠡᠦᠬᠡᠲᠦ ᠠᠴᠢ ᠬᠤᠯᠪᠣᠭᠳᠠᠯ ᠲᠠᠢ ᠵᠢᠯ ᠳᠤ ᠪᠷᠠᠽᠢᠯ ᠳᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠰᠠᠶ᠋ᠢᠬᠠᠨ ᠶᠡᠷᠦᠩᠬᠡᠶᠢᠯᠡᠭᠴᠢ ᠯᠦᠯᠠ ᠨᠠᠳᠠ ᠳᠤ ᠬᠠᠮᠤᠭ ᠤᠨ ᠳᠡᠭᠡᠳᠦ ᠬᠦᠨᠳᠦᠳᠬᠡᠯ ᠪᠦᠬᠦᠢ ᠦᠪᠡᠳᠡᠭᠰᠢ ᠶᠡᠭᠡ ᠤᠭᠲᠤᠬᠤ | ᠶᠣᠰᠣᠯᠠᠯ ᠶᠠᠪᠤᠭᠤᠯᠵᠤ᠂ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ | ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠭᠦᠢᠴᠡᠳ ᠢᠯᠡᠷᠡᠭᠦᠯᠵᠦ᠂ ᠨᠠᠮᠠᠶᠢ | ᠶᠡᠬᠡᠳᠡ ᠳᠣᠭᠳᠣᠯᠤᠭᠤᠯᠪᠠ᠃ ᠳᠤᠮᠳᠠᠳᠤ ᠤᠯᠤᠰ ᠪᠣᠯᠣᠨ ᠪᠷᠠᠽᠢᠯ ᠪᠣᠯ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ | ᠲᠣᠮᠣ ᠬᠥᠭᠵᠢᠵᠦ ᠪᠠᠶᠢᠭ᠎ᠠ ᠤᠯᠤᠰ ᠮᠥᠨ᠃ ᠥᠩᠭᠡᠷᠡᠭᠰᠡᠨ 50 ᠵᠢᠯ ᠢ ᠡᠷᠭᠢᠴᠡᠭᠦᠯᠬᠦᠶ᠎ᠡ᠂ ᠳᠤᠮᠳᠠᠳᠤ ᠪᠷᠠᠽᠢᠯ ᠤᠨ | ᠬᠠᠷᠢᠯᠴᠠᠭ᠎ᠠ ᠠᠭᠤᠯᠠ ᠤᠰᠤ ᠶᠢ ᠳᠠᠪᠠᠵᠤ᠂ ᠬᠥᠭᠵᠢᠵᠦ ᠪᠠᠶᠢᠭ᠎ᠠ ᠲᠣᠮᠣ ᠤᠯᠤᠰ ᠤᠨ ᠬᠠᠷᠢᠯᠴᠠᠨ ᠬᠦᠨᠳᠦᠳᠬᠡᠬᠦ᠂ | ᠬᠠᠷᠢᠯᠴᠠᠨ ᠠᠰᠢᠭᠲᠠᠢ ᠨᠥᠭᠦᠷᠰᠡᠭ ᠪᠠᠶᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠬᠠᠷᠢᠯᠴᠠᠬᠤ ᠵᠥᠪ ᠵᠠᠮ ᠢ | ᠰᠦᠪᠡᠭᠴᠢᠯᠡᠨ ᠨᠡᠭᠡᠭᠡᠪᠡ᠃ ᠪᠷᠠᠽᠢᠯ ᠪᠣᠯ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠪᠠᠶᠢᠭᠤᠯᠤᠭᠰᠠᠨ ᠠᠩᠬᠠᠳᠠᠭᠴᠢ ᠤᠯᠤᠰ ᠪᠣᠯᠣᠨ᠎ᠠ᠂ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠲᠢᠪ ᠤᠨ ᠠᠩᠬᠠᠳᠠᠭᠴᠢ ᠤᠯᠤᠰ ᠪᠣᠯᠣᠨ᠎ᠠ᠃ | ᠣᠶᠢᠷ᠎ᠠ ᠶᠢᠨ ᠵᠢᠯ ᠠᠴᠠ ᠪᠢ ᠪᠣᠯᠣᠨ ᠶᠡᠷᠦᠩᠬᠡᠶᠢᠯᠡᠭᠴᠢ ᠯᠦᠯᠠ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ | ᠬᠤᠶᠠᠷ ᠤᠯᠤᠰ ᠡᠳᠦᠷ ᠢᠷᠡᠬᠦᠶ᠎ᠡ ᠬᠤᠪᠢ ᠵᠠᠶᠠᠭ᠎ᠠ ᠪᠠᠨ ᠬᠠᠮᠲᠤᠳᠬᠠᠭᠰᠠᠨ ᠨᠠᠶᠢᠳᠠᠪᠤᠷᠢᠲᠠᠢ ᠨᠠᠶᠢᠵᠠ᠂ ᠡᠩᠬᠡ ᠲᠠᠶᠢᠪᠤᠩ ᠢ | ᠬᠠᠮᠲᠤ ᠪᠠᠷ ᠠᠬᠢᠭᠤᠯᠬᠤ ᠢᠳᠡᠪᠬᠢ ᠬᠦᠴᠦᠨ ᠪᠣᠯᠵᠤ᠂ ᠳᠤᠮᠳᠠᠳᠤ ᠪᠷᠠᠽᠢᠯ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ | ᠰᠠᠶᠢᠨ ᠴᠠᠭ ᠦᠶ᠎ᠡ ᠳᠤ ᠣᠷᠣᠰᠢᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠭᠰᠡᠨ ᠢᠶᠠᠷ | ᠪᠠᠷᠠᠬᠤ ᠦᠭᠡᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠦᠴᠦᠨ ᠪᠣᠯᠣᠨ ᠲᠠᠭᠤᠨ ᠢ ᠪᠤᠵᠠᠭᠠᠶᠢᠷᠠᠭᠤᠯᠵᠤ᠂ ᠳᠡᠯᠡᠬᠡᠢ ᠶᠢᠨ | ᠡᠩᠬᠡ ᠲᠠᠶᠢᠪᠤᠩ ᠲᠣᠭᠲᠠᠭᠤᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠨᠡ ᠡᠳᠦᠷ ᠪᠢᠳᠡ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠭᠠᠷ | ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ | ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠭᠦ ᠶᠢᠨ ᠬᠠᠮᠲᠤ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠲᠠᠢ ᠵᠣᠯᠭᠠᠭᠤᠯᠪᠠ᠂ ᠡᠨᠡ ᠪᠣᠯ ᠳᠤᠮᠳᠠᠳᠤ ᠪᠷᠠᠽᠢᠯ ᠤᠨ ᠬᠠᠷᠢᠯᠴᠠᠭᠠᠨ ᠤ ᠬᠥᠭᠵᠢᠯᠲᠡ ᠶᠢᠨ ᠪᠠᠰᠠ ᠨᠢᠭᠡᠨ | ᠲᠡᠦᠬᠡᠲᠦ ᠴᠢᠨᠠᠷᠲᠠᠢ ᠴᠠᠭ ᠮᠥᠴᠡ ᠪᠠᠶᠢᠵᠤ ᠬᠤᠶᠠᠷ ᠤᠯᠤᠰ ᠤᠨ ᠬᠠᠷᠢᠯᠴᠠᠭᠠᠨ ᠤ ᠪᠦᠭᠦ ᠪᠥᠮᠪᠥᠷᠴᠡᠭ ᠤᠨ ᠴᠢᠨᠠᠷ᠂ | ᠪᠠᠶᠢᠯᠳᠤᠬᠤ ᠪᠣᠳᠣᠯᠭ᠎ᠠ ᠶᠢᠨ ᠴᠢᠨᠠᠷ᠂ ᠠᠯᠤᠰ ᠭᠡᠳᠦ ᠶᠢᠨ ᠴᠢᠨᠠᠷ ᠢ ᠢᠯᠡᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ | ᠨᠡᠶᠢᠳᠡᠮ ᠤᠨ ᠬᠦᠰᠡᠯ ᠡᠷᠡᠮᠡᠯᠵᠡᠯ ᠲᠠᠢ ᠨᠡᠶᠢᠴᠡᠵᠦ᠂ ᠬᠤᠶᠠᠷ ᠲᠠᠯ᠎ᠠ ᠶᠢᠨ ᠲᠤᠰ ᠲᠤᠰ ᠤᠨ ᠣᠳᠣᠬᠢᠴᠢᠯᠠᠯᠲᠠ ᠪᠠᠨ | ᠠᠬᠢᠭᠤᠯᠬᠤ ᠳᠤ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠬᠤ ᠶᠢᠨ ᠬᠠᠮᠲᠤ ᠳᠤᠮᠳᠠᠳᠤ ᠪᠷᠠᠽᠢᠯ ᠤᠨ ᠭᠠᠷ ᠬᠤᠯᠪᠣᠨ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ | ᠠᠬᠢᠭᠤᠯᠬᠤ ᠡᠷᠴᠢ ᠵᠣᠷᠢᠭ ᠢ ᠢᠯᠡᠷᠡᠭᠦᠯᠪᠡ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠲᠠᠢ ᠬᠠᠮᠲᠤ ᠪᠠᠷ ᠬᠥᠮᠥᠨ | ᠲᠥᠷᠥᠯᠬᠢᠲᠡᠨ ᠤ ᠢᠷᠡᠭᠡᠳᠦᠢ ᠪᠠᠷ ᠵᠣᠷᠢᠯᠲᠠ ᠪᠤᠯᠭᠠᠵᠤ᠂ ᠠᠷᠠᠳ ᠲᠦᠮᠡᠨ ᠤ ᠠᠵᠠ ᠵᠢᠷᠭᠠᠯ ᠢ ᠪᠣᠳᠣᠯᠬᠢᠯᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠪᠷᠠᠽᠢᠯ ᠤᠨ ᠬᠠᠷᠢᠯᠴᠠᠭᠠᠨ ᠤ ᠠᠭᠤᠯᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠬᠠᠷᠢᠯᠴᠠᠨ | ᠠᠮᠵᠢᠯᠲᠠ ᠪᠦᠲᠦᠮᠵᠢ ᠭᠠᠷᠭᠠᠬᠤ ︽ᠬᠠᠮᠤᠭ ᠤᠨ ᠰᠠᠶᠢᠨ ᠬᠠᠨᠢᠲᠠᠨ︾ ᠪᠣᠯᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠨᠡᠩ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠬᠤ ᠪᠠ ᠨᠡᠩ | ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠳᠡ ᠦᠭᠡᠢ ᠤᠷᠤᠭᠰᠢᠯᠠᠵᠤ᠂ ᠬᠥᠮᠥᠨ | ᠲᠥᠷᠥᠯᠬᠢᠲᠡᠨ ᠤ ᠡᠩᠬᠡ ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ | ᠴᠢᠬᠤᠯᠠᠴᠢᠯᠠᠪᠠ᠃ | ᠰᠢ ᠶᠢᠨ ᠫᠢᠩ ᠢᠷᠡᠭᠡᠳᠦᠢ ᠶᠢᠨ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠲᠤᠬᠠᠢ 4 ᠲᠠᠯ᠎ᠠ ᠶᠢᠨ | ᠰᠠᠨᠠᠭᠤᠯᠭ᠎ᠠ ᠳᠤᠷᠠᠳᠪᠠ᠃ | ᠨᠢᠭᠡ ᠳᠤ᠂ ᠬᠤᠪᠢ ᠵᠠᠶᠠᠭ᠎ᠠ ᠪᠠᠨ ᠬᠠᠮᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠲᠠᠰᠤᠷᠠᠯᠲᠠ | ᠦᠭᠡᠢ ᠪᠠᠬᠢᠵᠢᠭᠦᠯᠦᠶ᠎ᠡ᠃ ᠡᠷᠬᠡ ᠮᠡᠳᠡᠯ᠂ ᠠᠮᠤᠷ ᠲᠦᠪᠰᠢᠨ᠂ ᠨᠤᠲᠤᠭ ᠳᠡᠪᠢᠰᠬᠡᠷ ᠤᠨ ᠪᠦᠷᠢᠨ ᠪᠦᠲᠦᠨ ᠵᠡᠷᠭᠡ | ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠡᠷᠡᠰ ᠪᠠᠲᠤ ᠬᠠᠷᠢᠯᠴᠠᠨ ᠳᠡᠮᠵᠢᠵᠦ᠂ ᠬᠠᠷᠢᠯᠴᠠᠨ | ᠢᠲᠡᠭᠡᠯᠴᠡᠭᠰᠡᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠪᠦᠯᠬᠦᠮᠳᠡᠨ ᠬᠠᠮᠵᠢᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠬᠠᠮᠲᠤ ᠪᠠᠷ ᠬᠥᠭᠵᠢᠬᠦ ᠬᠡᠪ | ᠳᠠᠭᠤᠷᠢᠶᠠᠯ ᠪᠣᠯᠣᠨ᠎ᠠ᠃ ᠰᠣᠶᠣᠯ᠂ ᠰᠤᠷᠭᠠᠨ ᠬᠥᠮᠦᠵᠢᠯ᠂ ᠵᠠᠯᠠᠭᠤᠴᠤᠳ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠷᠠᠳ ᠤᠨ | ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ | ᠬᠤᠶᠠᠷ ᠲᠤ᠂ ᠬᠥᠭᠵᠢᠯᠲᠡ ᠶᠢ ᠬᠠᠮᠲᠤ ᠪᠠᠷ ᠡᠳ᠋ᠯᠡᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠶ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠰᠠᠨᠠᠭᠠᠴᠢᠯᠠᠭ᠎ᠠ ᠪᠣᠯᠣᠨ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢᠨ | ᠲᠡᠦᠬᠡᠨ ᠠᠵᠠ ᠲᠣᠭᠢᠶᠠᠯ ᠢ ᠡᠵᠡᠮᠳᠡᠵᠦ᠂ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠨᠰᠠᠷ ᠤᠨ ᠠᠶᠠᠯᠠᠯ᠂ ᠲᠠᠷᠢᠶᠠᠯᠠᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ | ᠪᠠᠶᠢᠷᠢᠨ ᠳᠤ ᠲᠠᠯᠪᠢᠵᠤ᠂ ᠪᠷᠠᠽᠢᠯ ᠤᠨ ︽ᠥᠯᠥᠰᠬᠦᠯᠡᠩ ᠭᠠᠴᠢᠭ ᠦᠭᠡᠢ ᠪᠤᠯᠬᠤ ᠶᠢ ᠪᠡᠶᠡᠯᠡᠭᠦᠯᠬᠦ︾ ᠲᠥᠯᠥᠪᠯᠡᠭᠡ ᠶᠢ | ᠲᠡᠮᠵᠢᠵᠤ᠂ ᠳᠤᠷᠠᠲᠠᠶ᠎ᠠ ᠪᠷᠠᠽᠢᠯ ᠤᠨ ᠬᠢᠨ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠢ ᠨᠡᠩ ᠰᠠᠶᠢᠨ ᠰᠠᠶᠢᠬᠠᠨ | ᠠᠮᠢᠳᠤᠷᠠᠭᠤᠯᠤᠨ᠎ᠠ᠃ | ᠭᠤᠷᠪᠠ ᠳᠤ᠂ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠰᠢᠳᠤᠷᠭᠤ | ᠶᠣᠰᠣ ᠶᠢ ᠬᠠᠮᠠᠭᠠᠯᠠᠬᠤ ᠶᠢᠨ ᠲᠥᠯᠥᠭᠡ ᠳᠤᠮᠳᠠᠳᠤ ᠪᠷᠠᠽᠢᠯ ᠤᠨ ᠬᠦᠴᠦᠨ ᠢ ᠢᠯᠡᠷᠡᠭᠦᠯᠦᠶ᠎ᠡ᠃ ᠵᠢᠩᠬᠢᠨᠢ ᠤᠯᠠᠨ ᠲᠠᠯᠠᠲᠤ | ᠦᠵᠡᠯ ᠢ ᠦᠢᠯᠡᠳᠦᠯᠭᠡᠵᠢᠭᠦᠯᠵᠦ᠂ ᠭᠤᠣᠯᠴᠢ ᠦᠭᠡ ᠬᠡᠯᠡᠵᠦ᠂ ᠭᠤᠣᠯᠴᠢ ᠶᠠᠪᠤᠳᠠᠯ ᠢ ᠪᠦᠲᠦᠭᠡᠬᠦ ᠶᠢ ᠪᠠᠷᠢᠮᠲᠠᠯᠠᠵᠤ᠂ ᠪᠦᠭᠦ | ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ᠃ | ᠳᠤᠮᠳᠠᠳᠤ ᠤᠯᠤᠰ ᠪᠷᠠᠽᠢᠯ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡᠯᠡᠬᠦ ᠬᠦᠴᠦᠨ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠪᠷᠠᠽᠢᠯ ᠤᠨ ᠬᠢᠨ ᠤ ᠣᠯᠠᠨ ᠤᠯᠤᠰ ᠤᠨ ᠲᠠᠪᠴᠠᠩ ᠳᠡᠭᠡᠷ᠎ᠡ ᠨᠠᠩ ᠶᠡᠭᠡ ᠦᠢᠯᠡᠳᠦᠯ | ᠦᠵᠡᠭᠦᠯᠭᠦ ᠶᠢ ᠳᠡᠮᠵᠢᠵᠦ᠂ ᠳᠤᠷᠠᠲᠠᠶ᠎ᠠ ᠪᠷᠠᠽᠢᠯ ᠤᠨ ᠬᠢᠨ ᠲᠠᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠣᠯᠣᠨ | ᠠᠯᠲᠠᠨ ᠲᠣᠭᠤᠰᠭ᠋᠎ᠠ ᠤᠯᠤᠰ ᠤᠳ ᠵᠡᠷᠭᠡ ᠣᠯᠠᠨ ᠲᠠᠯᠠᠲᠤ ᠲᠣᠭᠲᠠᠴᠠ ᠳᠣᠲᠣᠷ᠎ᠠ ᠣᠯᠣᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠤ᠂ ᠪᠷᠠᠽᠢᠯ ᠤᠨ ᠢᠷᠡᠬᠦ ᠵᠢᠯ ᠠᠯᠲᠠᠨ ᠲᠣᠭᠤᠰᠭ᠋᠎ᠠ ᠤᠯᠤᠰ ᠤᠳ ᠤᠨ ᠲᠡᠷᠢᠭᠦᠯᠡᠭᠴᠢ ᠤᠯᠤᠰ ᠪᠤᠯᠬᠤ ᠶᠢ | ᠳᠡᠮᠵᠢᠵᠦ᠂ ︽ᠲᠣᠮᠣ ᠠᠯᠲᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠣᠯᠠᠨ ᠲᠠᠯᠠᠲᠤ ᠦᠵᠡᠯ ᠢ ᠪᠠᠷᠢᠮᠲᠠᠯᠠᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠲᠤᠬᠠᠢ | ᠠᠯᠲᠠᠨ ᠲᠣᠭᠤᠰᠭ᠋᠎ᠠ ᠤᠯᠤᠰ ᠤᠳ ᠤᠨ ᠨᠠᠩ ᠬᠠᠩᠭᠢᠨᠠᠮ᠎ᠠ ᠲᠠᠭᠤᠨ ᠢ ᠴᠤᠤᠷᠢᠶᠠᠲᠤᠭᠤᠯᠤᠶ᠎ᠠ᠃ | ᠳᠥᠷᠪᠡ ᠳᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠳᠤ ᠳᠤᠮᠳᠠᠳᠤ ᠪᠷᠠᠽᠢᠯ ᠤᠨ ᠬᠤᠪᠢ ᠨᠡᠮᠡᠷᠢ ᠶᠢ ᠦᠵᠡᠭᠦᠯᠦᠶ᠎ᠡ᠃ ᠳᠤᠮᠳᠠᠳᠤ ᠪᠷᠠᠽᠢᠯ ᠬᠥᠭᠵᠢᠵᠦ | ᠪᠠᠶᠢᠭ᠎ᠠ ᠲᠣᠮᠣ ᠤᠯᠤᠰ ᠪᠣᠯᠤᠭᠰᠠᠨ ᠤ ᠬᠤᠪᠢ ᠳᠤ᠂ ᠲᠦᠷᠦᠭᠦᠯᠡᠨ ᠬᠠᠮᠲᠤ ᠪᠠᠷ ᠶᠠᠷᠢᠯᠴᠠᠨ ᠬᠠᠮᠲᠤ ᠪᠠᠷ ᠵᠥᠪᠳᠡᠯᠴᠡᠵᠦ᠂ ︽ | ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠢᠷᠡᠭᠡᠳᠦᠢ ᠬᠤᠪᠢ | ᠵᠠᠶᠠᠭ᠎ᠠ ᠳᠤ ᠬᠤᠯᠪᠣᠭᠳᠠᠬᠤ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠦᠴᠦ ᠪᠠᠨ ᠬᠠᠮᠲᠤᠳᠬᠠᠨ ᠠᠷᠭᠠᠴᠠᠭᠠᠶ᠎ᠠ | ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠦᠷᠭᠦᠯᠵᠢᠯᠡᠬᠦ ᠬᠥᠭᠵᠢᠯᠲᠡ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ᠂ ᠵᠣᠬᠢᠶᠠᠮᠠᠯ ᠤᠶᠤᠨ ᠴᠢᠳᠠᠪᠤᠷᠢ ᠶᠢᠨ ᠵᠠᠰᠠᠯᠲᠠ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠤ ︽ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ | ᠭᠤᠴᠢᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠰᠠᠶᠢᠲᠤᠷ ᠡᠷᠭᠢᠯᠡᠭᠦ ᠶᠢ ᠳᠡᠮᠵᠢᠨ᠎ᠠ᠃ | ᠰᠢ ᠶᠢᠨ ᠫᠢᠩ᠂ 10 ᠵᠢᠯ ᠤᠨ ᠡᠮᠦᠨ᠎ᠡ᠂ ᠪᠢ ᠪᠷᠠᠽᠢᠯᠢᠶ᠎ᠠ ᠳᠤ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ | ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠢ | ᠪᠠᠶᠢᠭᠤᠯᠬᠤ ᠪᠠᠷ ᠨᠡᠶᠢᠲᠡᠯᠡᠵᠦ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ ᠬᠠᠷᠢᠯᠴᠠᠨ | ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠤ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ | ᠠᠬᠢᠭᠤᠯᠪᠠ᠃ ᠳᠤᠮᠳᠠᠳᠤ ᠤᠯᠤᠰ ᠳᠤᠷᠠᠲᠠᠶ᠎ᠠ ᠪᠷᠠᠽᠢᠯ ᠤᠨ ᠬᠢᠨ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ | ᠶᠠᠷᠢᠶᠠᠨ ᠤ ᠲᠠᠪᠴᠠᠩ ᠢ ᠦᠷᠭᠦᠯᠵᠢᠯᠡᠨ ᠰᠠᠶᠢᠲᠤᠷ ᠡᠷᠭᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠰᠠᠨᠠᠭᠠᠴᠢᠯᠠᠭ᠎ᠠ ᠶᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠭᠠᠵᠠᠷ ᠣᠷᠣᠨ ᠤ ᠬᠥᠭᠵᠢᠯᠲᠡ ᠶᠢᠨ ᠳᠠᠪᠠᠭᠤᠯᠢᠭ | ᠪᠣᠯᠣᠨ ᠬᠡᠷᠡᠭᠴᠡᠭᠡ ᠲᠠᠢ ᠨᠡᠩ ᠰᠠᠶᠢᠲᠤᠷ ᠵᠣᠯᠭᠠᠭᠤᠯᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠵᠢᠭᠠᠵᠤ | ᠭᠠᠷᠭᠠᠪᠠ᠃ | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 20 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠷᠠᠽᠢᠯᠢᠶ᠎ᠠ ᠳᠠᠬᠢ ᠶᠡᠷᠦᠩᠬᠡᠶᠢᠯᠡᠭᠴᠢ ᠶᠢᠨ ᠠᠯᠪᠠᠨ ᠣᠷᠳᠣᠨ ᠪᠤᠯᠬᠤ ᠦᠷ ᠤᠨ ᠭᠡᠭᠡ ᠣᠷᠳᠣᠨ ᠳᠤ | ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠯᠦᠯᠠ᠂ ᠪᠷᠠᠽᠢᠯ ᠳᠤᠮᠳᠠᠳᠤ ᠪᠣᠯ ᠬᠠᠷᠢᠯᠴᠠᠨ ᠭᠦᠨᠳᠦᠳᠭᠡᠵᠦ᠂ ᠬᠠᠷᠢᠯᠴᠠᠨ ᠲᠦᠰᠢᠭᠯᠡᠭᠰᠡᠨ ᠰᠠᠶᠢᠨ ᠨᠠᠶᠢᠵᠠ ᠮᠥᠨ᠂ | ᠳᠤᠮᠳᠠᠳᠤ ᠤᠯᠤᠰ ᠪᠣᠯ ᠪᠷᠠᠽᠢᠯ ᠤᠨ ᠬᠠᠮᠤᠭ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ | ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠪᠷᠠᠽᠢᠯ ᠤᠨ ᠠᠷᠠᠳ ᠲᠦᠮᠡᠨ ᠤ ᠬᠠᠮᠤᠭ ᠤᠨ ᠢᠲᠡᠭᠡᠭᠦᠰᠢᠲᠡᠢ | ᠨᠠᠶᠢᠵᠠ ᠮᠥᠨ᠃ ᠡᠨᠡ ᠵᠢᠯ ᠪᠣᠯ ᠪᠷᠠᠽᠢᠯ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ | ᠪᠣᠯᠣᠨ᠎ᠠ᠂ ᠲᠡᠷᠢᠭᠦᠯᠡᠭᠴᠢ ᠰᠢ ᠶᠢᠨ ᠫᠢᠩ ᠤᠨ ᠡᠨᠡ ᠬᠦ ᠴᠢᠬᠤᠯᠠ ᠵᠠᠩᠭᠢᠯᠠᠭ᠎ᠠ ᠶᠢᠨ ᠴᠠᠭ ᠲᠤ ᠪᠷᠠᠽᠢᠯ ᠳᠤ ᠳᠠᠬᠢᠨᠲᠠ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠪᠠᠶᠠᠷᠯᠠᠨ ᠤᠭᠲᠤᠵᠤ ᠪᠠᠶᠢᠨ᠎ᠠ᠃ ᠰᠠᠶ᠋ᠢᠬᠠᠨ ᠤᠭᠲᠤᠬᠤ ᠶᠣᠰᠣᠯᠠᠯ | ᠳᠡᠭᠡᠷ᠎ᠡ᠂ ᠪᠢ ᠪᠷᠠᠽᠢᠯ ᠤᠨ ᠤᠷᠠᠯᠢᠭᠴᠢᠳ ᠢ ᠲᠤᠰᠬᠠᠶᠢᠯᠠᠨ ᠲᠣᠬᠢᠷᠠᠭᠤᠯᠵᠤ ︽ᠮᠢᠨᠤ ᠡᠬᠡ ᠤᠯᠤᠰ︾ ᠭᠡᠬᠦ ᠨᠡᠷᠡᠳᠦ | ᠬᠢᠲᠠᠳ ᠬᠡᠯᠡᠨ ᠤ ᠳᠠᠭᠤᠤ ᠶᠢ ᠳᠠᠭᠤᠯᠠᠭᠤᠯᠵᠤ᠂ ᠡᠭᠦᠨ ᠢᠶᠠᠷ ᠳᠠᠮᠵᠢᠨ ᠪᠢ ᠨᠢᠳᠤᠨᠤᠨ ᠳᠤᠮᠳᠠᠳᠤ ᠤᠯᠤᠰ ᠲᠤ | ᠠᠶᠢᠯᠴᠢᠯᠠᠯᠲᠠ ᠬᠢᠬᠦ ᠳᠤ ᠳᠤᠮᠳᠠᠳᠤ ᠤᠯᠤᠰ ᠤᠨ ᠬᠢᠨ ᠤ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠬᠤ ᠶᠢᠨ | ᠬᠠᠮᠲᠤ ᠪᠷᠠᠽᠢᠯ ᠤᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ | ᠢᠯᠡᠳᠬᠡᠶ᠎ᠡ ᠭᠡᠰᠡᠨ ᠶᠤᠮ᠃ ᠥᠩᠭᠡᠷᠡᠭᠰᠡᠨ 50 ᠵᠢᠯ ᠳᠤ᠂ ᠪᠷᠠᠽᠢᠯ ᠳᠤᠮᠳᠠᠳᠤ ᠶᠢᠨ ᠡᠯ᠎ᠡ ᠬᠦᠷᠢᠶᠡᠨ ᠳᠠᠬᠢ | ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠪᠷᠠᠽᠢᠯ ᠤᠨ ᠬᠢᠨ ᠲᠡᠷᠢᠭᠦᠯᠡᠭᠴᠢ ᠰᠢ ᠶᠢᠨ ᠫᠢᠩ ᠤᠨ | ᠠᠶᠢᠯᠴᠢᠯᠠᠯᠲᠠ ᠪᠠᠷ ᠰᠢᠨ᠎ᠡ ᠭᠠᠷᠤᠭ᠎ᠠ ᠪᠤᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠨᠡᠩ ᠤᠯᠠᠨ ᠦᠨᠡᠨ ᠪᠣᠳᠠᠲᠠᠢ ᠰᠢᠨ᠎ᠡ | ᠦᠷ᠎ᠡ ᠪᠦᠲᠦᠭᠡᠯ ᠣᠯᠬᠤ ᠶᠢ ᠠᠬᠢᠭᠤᠯᠵᠤ᠂ ᠭᠠᠷ ᠬᠤᠯᠪᠣᠨ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠠ ᠨᠡᠩ | ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠦᠰᠡᠵᠦ ᠪᠠᠶᠢᠨ᠎ᠠ᠃ ᠪᠷᠠᠽᠢᠯ ᠶᠠᠭ ︽ᠨᠡᠮᠡᠭᠳᠡᠯ ᠢ ᠲᠦᠷᠭᠡᠳᠬᠡᠬᠦ ᠲᠥᠯᠥᠪᠯᠡᠭᠡ︾᠂ ︽ᠰᠢᠨ᠎ᠡ ᠠᠵᠤ ᠦᠢᠯᠡᠳᠪᠦᠷᠢ ᠶᠢᠨ | ᠲᠥᠯᠥᠪᠯᠡᠭᠡ︾᠂ ︽ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ ᠵᠠᠮ ᠱᠤᠭᠤᠮ ᠤᠨ ᠲᠥᠯᠥᠪᠯᠡᠭᠡ︾ ᠵᠡᠷᠭᠡ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠶᠡᠭᠡ ᠪᠠᠷ ᠠᠬᠢᠭᠤᠯᠵᠤ ᠪᠠᠶᠢᠨ᠎ᠠ᠂ ᠡᠳᠡᠭᠡᠷ ᠨᠢ ᠳᠤᠮᠳᠠᠳᠤ ᠤᠯᠤᠰ ᠤᠨ ︽ | ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠬᠤ ᠨᠢ ᠪᠷᠠᠽᠢᠯ ᠤᠨ ᠲᠠᠭᠢᠨ ᠠᠵᠤ | ᠦᠢᠯᠡᠳᠪᠦᠷᠢᠵᠢᠯᠲᠡ ᠶᠢᠨ ᠠᠬᠢᠴᠠ ᠶᠢ ᠶᠡᠭᠡ ᠪᠠᠷ ᠠᠬᠢᠭᠤᠯᠵᠤ᠂ ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ ᠢ ᠱᠤᠭᠤᠬᠤ ᠪᠣᠯᠣᠨ᠎ᠠ᠃ ᠬᠤᠶᠠᠷ ᠲᠠᠯ᠎ᠠ ᠶᠢᠨ | ᠠᠵᠢᠯᠯᠠᠬᠤ ᠳᠤᠭᠤᠶᠢᠯᠠᠩ ᠤᠨ ᠬᠢᠨ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠠᠵᠤ ᠦᠢᠯᠡᠰ ᠤᠨ ᠬᠡᠯᠬᠢᠶ᠎ᠡ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠱᠠᠯᠠᠪᠳᠠᠨ ᠶᠠᠷᠢᠯᠴᠠᠵᠤ ᠠᠬᠢᠭᠤᠯᠤᠶ᠎ᠠ᠃ ᠳᠤᠮᠳᠠᠳᠤ ᠤᠯᠤᠰ ᠤᠨ ᠨᠡᠩ ᠤᠯᠠᠨ ᠠᠵᠤ | ᠠᠬᠤᠶᠢᠯᠠᠯ ᠪᠷᠠᠽᠢᠯ ᠳᠤ ᠢᠷᠡᠵᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠃ | ᠪᠷᠠᠽᠢᠯ ᠤᠨ ᠬᠢᠨ ᠳᠤᠮᠳᠠᠳᠤ ᠤᠯᠤᠰ ᠯᠤᠭ᠎ᠠ ᠬᠤᠯᠪᠣᠯᠳᠤᠨ ᠨᠡᠪᠲᠡᠷᠡᠯᠴᠡᠬᠦ ᠪᠠ ᠪᠠᠷᠠᠭᠠᠨ ᠤ ᠭᠦᠢᠯᠭᠡᠭᠡ ᠶᠢᠨ ᠲᠦᠪᠰᠢᠨ ᠢᠶᠠᠨ | ᠳᠡᠭᠡᠭᠰᠢᠯᠡᠭᠦᠯᠵᠦ᠂ ᠪᠷᠠᠽᠢᠯ ᠳᠤᠮᠳᠠᠳᠤ ᠪᠣᠯᠣᠨ ᠯᠠᠲ᠋ᠢᠨ ᠠᠮᠧᠷᠢᠺᠠ ᠳᠤᠮᠳᠠᠳᠤ ᠶᠢᠨ ᠬᠠᠮᠲᠤ ᠶᠢᠨ ᠬᠥᠭᠵᠢᠯ ᠴᠡᠴᠡᠭᠯᠡᠯ ᠢ | ᠠᠬᠢᠭᠤᠯᠬᠤ ᠶᠢ ᠬᠦᠰᠡᠵᠦ ᠪᠠᠶᠢᠨ᠎ᠠ᠃ ᠪᠷᠠᠽᠢᠯ ᠤᠨ ᠬᠢᠨ ︽ᠰᠢᠨ᠎ᠡ ᠬᠦᠢᠲᠡᠨ ᠲᠠᠶᠢᠨ︾ ᠢ ᠡᠰᠡᠷᠭᠦᠴᠡᠵᠦ᠂ ᠳᠡᠯᠡᠬᠡᠢ ᠶᠢᠨ | ᠤᠯᠠᠨ ᠲᠦᠢᠯᠵᠢᠯᠳᠠ ᠪᠣᠯᠣᠨ ᠡᠷᠬᠡ ᠲᠡᠭᠰᠢ ᠪᠠ ᠬᠠᠷᠢᠯᠴᠠᠨ ᠬᠦᠨᠳᠦᠳᠬᠡᠬᠦ ᠳᠤ ᠰᠠᠭᠤᠷᠢᠯᠠᠭᠰᠠᠨ ᠪᠦᠭᠦ ᠪᠥᠮᠪᠥᠷᠴᠡᠭ ᠤᠨ | ᠬᠠᠨᠢᠲᠠᠨ ᠤ ᠬᠠᠷᠢᠯᠴᠠᠭ᠎ᠠ ᠶᠢ ᠠᠬᠢᠭᠤᠯᠬᠤ ᠶᠢ ᠰᠠᠨᠠᠭᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ᠂ ᠠᠯᠳᠠᠨ ᠲᠣᠭᠤᠰᠭ᠋᠎ᠠ ᠤᠯᠤᠰ ᠤᠳ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ | ᠲᠠᠯ᠎ᠠ ᠶᠢᠨ ᠪᠣᠷᠣ ᠲᠥᠯᠥᠪ ᠤᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠦᠭᠡ ᠬᠡᠯᠡᠬᠦ ᠡᠷᠬᠡ | ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ | ᠦᠷᠭᠦᠯᠵᠢᠯᠡᠨ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠦᠺᠷᠠᠶᠢᠨ ᠤ ᠬᠢᠮᠤᠷᠠᠯ ᠵᠡᠷᠭᠡ ᠬᠠᠯᠠᠮᠰᠢᠯ | ᠠᠰᠠᠭᠤᠳᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ | ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠨᠢ ᠨᠢᠭᠡᠨᠲᠡ ᠪᠷᠠᠽᠢᠯ ᠳᠤᠮᠳᠠᠳᠤ ᠶᠢᠨ | ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠵᠡᠢ ᠭᠡᠵᠦ ᠢᠯᠡᠷᠬᠡᠶᠢᠯᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠪᠣᠯᠣᠨ ᠪᠦᠭᠦᠳᠠ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠭᠠᠷ ᠬᠤᠯᠪᠣᠨ ᠨᠡᠩ ᠲᠥᠪ ᠭᠤᠣᠯᠴᠢ | ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ᠋ᠢᠴᠡ ᠪᠥᠮᠪᠥᠷᠴᠡᠭ ᠢ ᠪᠠᠶᠢᠭᠤᠯᠬᠤ ᠳᠤᠮᠳᠠᠳᠤ ᠪᠷᠠᠽᠢᠯ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃ | ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ | ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠵᠠᠰᠠᠭ ᠤᠨ ᠣᠷᠳᠣᠨ ᠤ ︿ᠨᠢᠭᠡ ᠪᠦᠰᠡ ᠨᠢᠭᠡ ᠵᠠᠮ﹀ | ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ︿ᠨᠡᠮᠡᠭᠳᠡᠯ ᠢ ᠲᠦᠷᠭᠡᠳᠬᠡᠬᠦ ᠲᠥᠯᠥᠪᠯᠡᠭᠡ﹀᠂ ︿ᠪᠷᠠᠽᠢᠯ ᠤᠨ | ᠰᠢᠨ᠎ᠡ ᠠᠵᠤ ᠦᠢᠯᠡᠳᠪᠦᠷᠢ ᠶᠢᠨ ᠲᠥᠯᠥᠪᠯᠡᠭᠡ﹀᠂ ︿ᠠᠮᠢ ᠠᠬᠤᠢ ᠶᠢᠨ ᠭᠡᠯᠪᠡᠷᠢ ᠶᠢ ᠬᠤᠪᠢᠷᠠᠭᠤᠯᠬᠤ ᠲᠥᠯᠥᠪᠯᠡᠭᠡ﹀᠂ ︿ | ᠡᠮᠦᠨᠡᠲᠦ ᠠᠮᠧᠷᠢᠺᠠ ᠶᠢ ᠨᠢᠭᠡ ᠴᠣᠭᠴᠠᠵᠢᠭᠤᠯᠬᠤ ᠵᠠᠮ ᠱᠤᠭᠤᠮ ᠤᠨ ᠲᠥᠯᠥᠪᠯᠡᠭᠡ﹀ ᠲᠠᠢ ᠵᠣᠯᠭᠠᠭᠤᠯᠬᠤ ᠲᠤᠬᠠᠢ | ᠬᠠᠮᠲᠤᠷᠠᠯᠴᠠᠭᠠᠨ ᠤ ᠲᠥᠯᠦᠪᠵᠢᠭᠦᠯᠭᠡ︾ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ᠠᠵᠤ ᠠᠬᠤᠢ ᠠᠷᠠᠯᠵᠢᠶ᠎ᠠ᠂ ᠪᠡᠯᠡ | ᠣᠷᠣᠭᠤᠯᠤᠯᠲᠠ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠦᠷᠭᠦᠯᠵᠢᠯᠡᠬᠦ ᠬᠥᠭᠵᠢᠯᠲᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭ᠎ᠠ | ᠵᠡᠷᠭᠡ ᠬᠦᠷᠢᠶᠡᠨ ᠳᠠᠬᠢ 30 ᠭᠠᠷᠤᠢ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠥᠰᠥᠭ ᠵᠢᠷᠤᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠷᠠᠽᠢᠯᠢᠶ᠎ᠠ ᠶᠢᠨ 11 ᠰᠠᠷ᠎ᠠ ᠶᠢᠨ 20 ᠤ ᠴᠠᠭᠢᠯᠭᠠᠨ ᠮᠡᠳᠡᠭᠡ︶ | |