ᠡᠮᠦᠨᠡᠳᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠡᠪᠦᠯ ᠤᠨ ᠡᠬᠢᠨ ᠤ ᠵᠠᠮ ᠬᠠᠷᠢᠯᠴᠠᠭᠠᠨ ᠤ ᠠᠮᠦᠷ ᠲᠦᠪᠰᠢᠨ ᠢ ᠪᠠᠶᠢᠴᠠᠭᠠᠵᠠᠢ
ᠨᠡᠶᠢᠲᠡᠯᠡᠭᠰᠡᠨ ᠴᠠᠭ᠄
2024/11/26
     ᠡᠪᠦᠯ ᠤᠨ ᠡᠬᠢᠨ ᠤ ᠵᠠᠮ ᠬᠠᠷᠢᠯᠴᠠᠭᠠᠨ ᠤ ᠠᠶᠤᠯ ᠡ᠊ᠨᠳᠡᠯ ᠭᠠᠷᠬᠤ ᠶᠢ ᠤᠷᠢᠳᠴᠢᠯᠠᠨ ᠰᠡᠷᠬᠡᠶᠢᠯᠡᠵᠦ᠂ ᠤᠯᠠᠨ ᠲᠦᠮᠡᠨ ᠤ ᠨᠠᠭᠠᠰᠢ ᠴᠠᠭᠠᠰᠢ ᠠᠶᠠᠯᠠᠬᠤ ᠠᠮᠦᠷ ᠲᠦᠪᠰᠢᠨ ᠢ ᠪᠠᠳᠦᠯᠠᠬᠤ ᠶᠢᠨ ᠲᠦᠯᠦᠬᠡ᠂ ᠤᠶᠢᠷ᠎ᠠ ᠳᠤ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠬᠠᠷᠢᠶᠠᠳᠤ ᠤᠷᠤᠨ ᠤ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠵᠦ᠂ ᠤᠯᠠᠨ ᠲᠦᠮᠡᠨ ᠤ ᠠᠮᠦᠷ ᠲᠦᠪᠰᠢᠨ ᠢ ᠪᠠᠳᠦᠯᠠᠵᠦ ᠪᠠᠶᠢᠨ᠎ᠠ᠃
5c7da5007dba6f0691254e8d33679fa.jpg
     ᠶᠡᠭᠡ ᠠᠩᠬᠢ ᠶᠢᠨ ᠬᠢᠨ ᠬᠠᠷᠢᠶᠠᠳᠤ ᠤᠷᠤᠨ ᠤ ᠭᠤᠤᠯ ᠵᠠᠮ ᠤᠨ ᠬᠡᠰᠡᠭ ᠵᠢᠴᠢ ᠰᠤᠷᠭᠠᠭᠤᠯᠢ ᠶᠢᠨ ᠤᠶᠢᠷ᠎ᠠ ᠬᠠᠪᠢ ᠶᠢᠨ ᠭᠠᠵᠠᠷ ᠤᠷᠤᠨ ᠢ ᠬᠠᠮᠢᠶᠠᠷᠦᠨ ᠡᠵᠡᠮᠳᠡᠵᠦ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢᠨ ᠤᠨᠴᠠᠯᠢᠭ ᠲᠤ ᠵᠠᠳᠠᠯᠦᠯᠳᠡ ᠬᠢᠵᠦ᠂ ᠬᠠᠷᠢᠶᠠᠳᠤ ᠤᠷᠤᠨ ᠤ ᠭᠤᠤᠯᠳᠠᠯᠭ᠎ᠠ ᠲᠠᠢ ᠵᠠᠮ ᠤᠨ ᠬᠡᠰᠡᠭ ᠢ ᠪᠠᠶᠢᠴᠠᠭᠠᠨ᠂ ᠠᠴᠢᠶᠠᠨ ᠤ ᠮᠠᠰᠢᠨ ᠬᠡᠮᠵᠢᠶ᠎ᠡ ᠠᠴᠠ ᠪᠠᠨ ᠬᠡᠳᠦᠷᠡᠳᠡᠯ᠎ᠡ ᠪᠠᠷᠠᠭ᠎ᠠ ᠠᠴᠢᠬᠤ᠂ ᠠᠷᠢᠬᠢ ᠤᠤᠭᠤᠭᠠᠤᠨ ᠲᠡᠷᠬᠡ ᠵᠢᠯᠤᠭᠤᠳᠬᠤ᠂ ᠰᠤᠬᠳᠤᠭᠤ ᠪᠠᠷ ᠲᠡᠷᠭᠡ ᠵᠢᠯᠤᠭᠤᠳᠬᠤ᠂ ᠶᠠᠳᠠᠷᠠᠭ᠎ᠠ ᠲᠠᠢ ᠪᠠᠷ ᠲᠡᠷᠬᠡ ᠵᠢᠯᠤᠭᠤᠳᠬᠤ᠂ ᠴᠠᠬᠢᠯᠭᠠᠨ ᠬᠦᠳᠡᠯᠬᠡᠬᠦᠷᠳᠤ ᠮᠤᠲ᠋ᠤᠷ ᠤᠨᠤᠬᠤ ᠳᠠᠭᠠᠨ ᠠᠮᠦᠷ ᠲᠦᠪᠰᠢᠨ ᠤ ᠲᠤᠭᠤᠯᠠᠭ᠎ᠠ ᠡᠮᠦᠰᠬᠦ ᠦᠬᠡᠢ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠶᠢᠳᠪᠦᠷᠢᠯᠡᠵᠦ᠂ ᠤᠯᠠᠨ ᠲᠦᠮᠡᠨ ᠳᠤ ᠠᠮᠦᠷ ᠲᠦᠪᠰᠢᠨ ᠵᠠᠮ ᠬᠠᠷᠢᠯᠴᠠᠭᠠᠨ ᠤ ᠤᠷᠴᠢᠨ ᠢ ᠪᠦᠷᠢᠯᠳᠦᠬᠦᠯᠵᠦ ᠦᠭᠴᠦ ᠪᠤᠢ᠃    ᠲᠡᠳᠡ ᠪᠠᠰᠠ ᠤᠬᠠᠭᠤᠯᠭ᠎ᠠ ᠬᠦᠮᠦᠵᠢᠯ ᠢᠶᠠᠷ ᠤᠯᠠᠨ ᠲᠦᠮᠡᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠢ ᠲᠠᠰᠦᠷᠠᠯᠳᠠ ᠦᠬᠡᠢ ᠲᠡᠭᠡᠭᠰᠢᠯᠡᠬᠦᠯᠵᠦ᠂ ᠪᠤᠯᠪᠠᠰᠦᠨ ᠢᠶᠠᠷ ᠠᠶᠠᠯᠠᠬᠤ᠂ ᠠᠮᠦᠷ ᠲᠦᠪᠰᠢᠨ ᠢᠶᠠᠷ ᠲᠡᠷᠬᠡ ᠵᠢᠯᠤᠭᠤᠳᠬᠤ ᠶᠢ ᠰᠠᠨᠠᠭᠠᠴᠢᠯᠠᠵᠠᠢ᠃        ︵ᠴᠧᠨ ᠮᠸᠢ ᠷᠦᠩ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号