ᠬᠡᠷᠬᠢᠨ ᠬᠦᠨᠳᠦ ᠡᠪᠡᠳᠴᠢᠨ ᠤ ᠳᠠᠭᠠᠳᠬᠠᠯ ᠢ ᠳᠠᠩᠰᠠ ᠠᠴᠠ ᠲᠠᠶᠢᠯᠬᠤ ᠪᠤᠢ︖
ᠨᠡᠶᠢᠲᠡᠯᠡᠭᠰᠡᠨ ᠴᠠᠭ᠄
2024/11/26
     ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ  ᠤᠨ  ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ  ᠠᠶᠤᠯ  ᠲᠦᠭᠰᠢᠭᠦᠷᠢ ᠶᠢ  ᠠᠷᠭᠠᠴᠠᠭᠠᠬᠤ ᠶᠢᠨ  ᠲᠥᠯᠥᠭᠡ᠂ ᠤᠯᠤᠰ ᠠᠴᠠ  ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠳᠠ ᠭᠡᠬᠦ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ ᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ ᠱᠠᠲᠤ ᠳᠠᠷᠠᠭᠠᠯᠠᠨ  ᠬᠥᠩᠭᠡᠷᠡᠭᠦᠯᠪᠡ᠃  ᠡᠭᠦᠨ ᠳᠤ᠂  ᠬᠤᠲᠠ  ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ  ᠳᠠᠭᠠᠳᠬᠠᠯ  ︵ᠳᠣᠷᠣᠭᠰᠢ  ︽ᠬᠦᠨᠳᠦ  ᠡᠪᠡᠳᠴᠢᠨ ᠤ  ᠳᠠᠭᠠᠳᠬᠠᠯ︾  ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ  ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ  ᠰᠦᠢᠳᠭᠡᠯ ᠤᠨ  ᠲᠦᠷᠢᠮ ᠤᠨ  ᠲᠣᠬᠢᠷᠠᠭᠤᠯᠤᠯᠲᠠ ᠶᠢ  ᠤᠯᠠᠮ  ᠴᠢᠨᠠᠬᠰᠢᠳᠠ  ᠪᠠᠲᠤᠯᠠᠬᠤ ᠪᠣᠯᠤᠨ᠎ᠠ᠃             ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ ᠶᠠᠭᠠᠬᠢᠵᠦ ᠰᠦᠢᠳᠭᠡᠯ ᠲᠤᠰᠢᠶᠠᠬᠤ ᠪᠣᠶ︖             ᠲᠦᠷᠢᠮ ᠢ ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠰᠠᠭᠠᠷ ᠭᠤᠶᠤᠴᠢᠯᠠᠨ ᠳᠠᠭᠠᠳᠬᠠᠯ ᠳᠤ  ᠣᠷᠣᠬᠤ  ᠴᠢᠬᠤᠯᠠ ᠥᠬᠡᠶ  ᠪᠣᠯᠵᠣ᠂ ᠪᠣᠶ  ᠪᠥᠬᠦᠶ  ᠰᠦᠢᠳᠭᠡᠯ ᠢ ᠲᠤᠰᠢᠶᠠᠵᠦ  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ  ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ ᠲᠤᠰᠢᠶᠠᠬᠤ ᠴᠢᠬᠤᠯᠠ ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ 2012 ᠣᠨ ᠳᠤ  ᠲᠤᠷᠰᠢᠯᠲᠠ ᠬᠢᠬᠦ  ᠠᠵᠢᠯ  ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ᠃             ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖             ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ  ᠵᠢᠯ ‍ᠤᠨ‌‍ᠬᠥ᠋ᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ ︔ ᠰᠠᠭᠤᠭᠠᠯᠢ ᠠᠷᠠᠳ ᠤᠨ ᠡᠮ ᠡᠮᠨᠡᠯᠭᠡ ᠶᠢᠨ  ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ  ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠬᠦᠷᠭᠡᠨ᠎ᠡ᠃ ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ  ᠬᠦᠴᠦᠨ ᠥᠬᠡᠶ ᠪᠣᠯᠭᠠᠨ᠎ᠠ᠃             ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖             ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ ᠳᠠᠭᠠᠳᠬᠠᠯ ᠤᠨ ᠰᠦᠢᠳᠭᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ  ᠪᠤᠯᠤᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ ᠃             ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖             ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ ᠦᠶ᠎ᠡ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ  ᠢᠳᠡᠪᠬᠢᠲᠡᠶ  ᠳᠡᠮᠵᠢᠵᠦ᠂ ᠡᠮ ᠡᠮᠨᠡᠯᠭᠡ  ᠶᠢᠨ ᠳᠠᠭᠠᠳᠬᠠᠯ ᠤᠨ ᠬᠤᠷᠰᠢᠶ᠎ᠠ ᠶᠢᠨ  ᠬᠤᠳᠠᠯᠳᠤᠭᠠᠴᠢᠨ  ᠬᠠᠮᠳᠤᠷᠠᠨ  ᠠᠵᠢᠯᠯᠠᠬᠤ  ᠰᠢᠨ᠎ᠡ ᠵᠠᠭᠪᠤᠷ ᠢ ᠰᠢᠨ᠎ᠡ ᠪᠠᠷ ᠡᠭᠦᠳᠦᠨ   ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ  ᠮᠠᠶ᠋ᠢᠭ ᠢᠶᠠᠷ  ᠳᠠᠮᠵᠢᠭᠤᠯᠤᠨ  ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ  ᠳᠠᠭᠠᠭᠠᠨ  ᠬᠢᠯᠭᠡᠵᠦ  ᠪᠠᠶᠢᠨ᠎ᠠ᠃ ᠦᠨᠳᠦᠰᠦᠨ ᠡᠮ  ᠡᠮᠨᠡᠯᠭᠡ ᠶᠢᠨ  ᠳᠠᠭᠠᠳᠬᠠᠯ  ᠪᠠ  ᠬᠦᠨᠳᠦ  ᠡᠪᠡᠳᠴᠢᠨ ᠤ  ᠳᠠᠭᠠᠳᠬᠠᠯ ᠠᠴᠠ  ᠭᠠᠳᠠᠨ᠎ᠠ᠂  ᠳᠠᠭᠠᠳᠬᠠᠯ ᠳ᠋ᠤ᠋‌ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号