ᠲᠠᠶᠢᠫᠢᠩ ᠭᠠᠴᠠᠭᠠᠨ ᠤ ᠬᠤᠪᠢᠷᠠᠯᠳᠠ ᠬᠦᠭᠵᠢᠯᠳᠡ
ᠨᠡᠶᠢᠲᠡᠯᠡᠭᠰᠡᠨ ᠴᠠᠭ᠄
2024/11/26
     ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ ᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠠᠢ ᠪᠦᠳᠦᠮᠵᠢᠳᠡᠢ ᠵᠤᠯᠭᠠᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠳᠡ ᠶᠢ ᠨᠡᠩ ᠰᠠᠶᠢᠳᠤᠷ ᠪᠠᠬᠢᠵᠢᠭᠦᠯᠬᠦ ᠪᠠᠷ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠪᠠ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ ᠲᠤᠪᠴᠢᠶ᠎ᠠ 2021 ᠤᠨ ᠤ 10 ᠰᠠᠷ᠎ᠠ ᠠᠴᠠ ᠡᠬᠢᠯᠡᠵᠦ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠯᠳᠠᠷ ᠰᠤᠮᠤᠨ ᠤ ᠲᠠᠶᠢᠫᠢᠩ ᠭᠠᠴᠠᠭᠠᠨ ᠳᠤ ᠠᠵᠢᠯᠯᠠᠬᠤ ᠠᠩᠭᠢ ᠶᠢ ᠰᠠᠭᠤᠯᠭᠠᠵᠠᠢ᠃ ᠠᠵᠢᠯᠯᠠᠬᠤ ᠠᠩᠭᠢ ᠶᠢᠨ ᠨᠦᠬᠦᠳ ᠡᠳᠡᠭᠡᠷ ᠭᠤᠷᠪᠠᠨ ᠵᠢᠯ ᠤᠨ ᠳᠤᠳᠤᠷ᠎ᠠ ᠡᠯ᠎ᠡ ᠵᠦᠢᠯ ᠤᠨ ᠬᠠᠳᠠᠭᠤ ᠪᠡᠷᠬᠡᠰᠢᠶᠡᠯ ᠢ ᠢᠯᠡᠨ ᠲᠠᠪᠠᠵᠤ ᠴᠢᠷᠮᠠᠶᠢᠨ ᠠᠵᠢᠯᠯᠠᠭᠠᠳ ᠡᠨᠡᠬᠦ ᠬᠠᠭᠠᠰ ᠲᠠᠷᠢᠶᠠᠯᠠᠬᠤ ᠬᠠᠭᠠᠰ ᠮᠠᠯᠵᠢᠬᠤ ᠶᠠᠳᠠᠭᠤ ᠬᠦᠴᠢᠷᠳᠡᠯ ᠲᠠᠢ ᠭᠠᠴᠠᠭ᠎ᠠ ᠶᠢ ᠬᠤᠪᠢᠷᠠᠭᠤᠯᠤᠭᠠᠳ ᠪᠠᠶᠠᠵᠢᠯ ᠤᠨ ᠵᠠᠮ ᠢᠶᠠᠷ ᠬᠦᠳᠦᠯᠵᠡᠢ     ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠴᠢᠩᠭᠠᠳᠬᠠᠪᠠ᠃ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠡᠷᠦᠬᠡ ᠳᠤ ᠣᠷᠣᠭᠤᠯᠬᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠪᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠥᠮᠦᠰ ᠢ ᠡᠷᠦᠬᠡ ᠪᠠᠷ ᠣᠷᠣᠭᠤᠯᠬᠤ ᠵᠢᠴᠢ ᠲᠥᠪᠯᠡᠷᠡᠭᠦᠯᠦᠨ ᠪᠣᠯᠪᠠᠰᠤᠷᠠᠭᠤᠯᠬᠤ᠂ ᠸᠢᠴᠠᠲ ᠬᠤᠯᠪᠤᠭ᠎ᠠ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠶᠠᠳᠠᠭᠤ ᠬᠦᠴᠢᠷᠳᠡᠯᠲᠡᠶ ᠡᠷᠦᠬᠡ ᠳᠤ ᠤᠬᠠᠭᠤᠯᠭ᠎ᠠ ᠬᠥᠮᠦᠵᠢᠯ᠂ ᠡᠷᠡᠭᠦᠯ ᠮᠡᠨᠳᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ᠂ ᠡᠯᠧᠺᠲᠷᠣᠨ ᠬᠤᠳᠠᠯᠳᠤᠭ᠎ᠠ᠂ ᠠᠵᠢᠯ ᠣᠯᠭᠤᠯᠲᠠ᠂ ᠠᠵᠤ ᠦᠢᠯᠡᠰ ᠤᠨ ᠱᠠᠩᠨᠠᠵᠤ ᠨᠥᠬᠦᠪᠥᠷᠢᠯᠡᠬᠦ ᠵᠡᠷᠭᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠡᠢ᠃    ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠬᠢᠨᠠᠨ ᠰᠢᠯᠭᠠᠬᠤ ᠡᠷᠦᠬᠡ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠪᠠ᠃ ᠣᠳᠣᠬᠠᠨ ᠳᠤ ᠮᠠᠨ ᠤ ᠭᠠᠴᠠᠭ᠎ᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ᠃ ᠣᠳᠣᠬᠠᠨ ᠳᠤ 5 ᠬᠢᠨᠠᠨ ᠰᠢᠯᠭᠠᠬᠤ ᠡᠷᠦᠬᠡ ᠴᠥᠮ ᠡᠪᠡᠳᠴᠢᠨ ᠠᠴᠠ ᠪᠣᠯᠵᠣ ᠡᠮᠨᠡᠯᠭᠡ ᠳᠤ ᠰᠠᠭᠤᠬᠤ ᠬᠤᠪᠢ ᠶᠢᠨ ᠵᠠᠷᠤᠳᠠᠯ ᠨᠢ ᠨᠡᠯᠢᠶᠡᠳ ᠥᠨᠳᠥᠷ᠂ ᠵᠠᠶᠢᠯᠠᠰᠢ ᠥᠬᠡᠶ ᠵᠠᠷᠤᠯᠭ᠎ᠠ ᠨᠢ ᠶᠡᠭᠡ ᠪᠣᠯᠵᠣ᠂ ᠨᠢᠭᠡᠨᠲᠡ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠢᠭᠡᠨᠲᠡ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠥᠮᠦᠨ ᠪᠢᠰᠢ ᠬᠥᠮᠦᠰ ᠢ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠥᠮᠦᠰ ᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠬᠢᠨᠠᠨ ᠰᠢᠯᠭᠠᠬᠤ ᠡᠷᠦᠬᠡ ᠶᠢ ᠬᠠᠪᠰᠤᠷᠤᠨ ᠲᠦᠷ ᠴᠠᠭ ᠤᠨ ᠠᠪᠤᠷᠠᠨ ᠲᠤᠰᠠᠯᠠᠯᠲᠠ᠂ ᠶᠠᠳᠠᠭᠤ ᠶᠢ ᠰᠡᠷᠭᠡᠶᠢᠯᠡᠬᠦ ᠪᠠᠲᠤᠯᠠᠭ᠎ᠠ ᠶᠢᠨ ᠲᠠᠩᠰᠠ ᠲᠠᠶᠢᠯᠬᠤ ᠶᠢ ᠭᠤᠶᠤᠴᠢᠯᠠᠵᠤ᠂ ᠠᠵᠢᠯ ᠣᠯᠭᠤᠯᠲᠠ ᠶᠢᠨ ᠲᠠᠯ᠎ᠠ ᠪᠠᠷ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠪᠰᠤᠷᠤᠨ ᠬᠠᠮᠢᠶᠠᠷᠤᠭᠴᠢ ᠪᠠᠷ ᠤᠷᠢᠨ ᠬᠡᠷᠡᠭᠯᠡᠵᠡᠢ᠃ ᠳᠡᠭᠡᠷᠡᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠢᠨᠠᠨ ᠰᠢᠯᠭᠠᠬᠤ ᠡᠷᠦᠬᠡ ᠶᠢᠨ ᠣᠷᠣᠯᠭ᠎ᠠ ᠶᠢ ᠨᠡᠮᠡᠭᠳᠡᠭᠦᠯᠪᠡ᠃    ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠰᠠᠶᠢᠲᠤᠷ ᠠᠳᠬᠤᠪᠠ᠃ ᠨᠢᠭᠡ ᠳᠤ ᠶᠠᠳᠠᠭᠤ ᠬᠦᠴᠢᠷᠳᠡᠯᠲᠡᠶ ᠡᠷᠦᠬᠡ ᠶᠢᠨ ᠮᠢᠬᠠᠨ ᠬᠤᠨᠢ᠂ ᠮᠢᠬᠠᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠢ ᠰᠠᠶᠢᠲᠤᠷ ᠬᠢᠵᠦ᠂ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠪᠦᠳᠦᠭᠦᠯᠢᠭ ᠴᠢᠨᠠᠷᠲᠠᠶ ᠲᠡᠵᠢᠭᠡᠨ ᠦᠷᠡᠵᠢᠭᠦᠯᠵᠦ ᠪᠠᠶᠢᠭᠰᠠᠨ ᠢ ᠠᠯᠬᠤᠮ ᠠᠯᠬᠤᠮ ᠢᠶᠠᠷ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠪᠣᠯᠭᠠᠨ ᠬᠤᠪᠢᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠲᠡᠵᠢᠭᠡᠨ ᠦᠷᠡᠵᠢᠭᠦᠯᠦᠭᠰᠡᠨ ᠠᠰᠢᠭ ᠣᠷᠣᠯᠭ᠎ᠠ ᠶᠢ ᠳᠡᠭᠡᠭᠰᠢᠯᠡᠭᠦᠯᠪᠡ᠃     ᠣᠳᠣᠬᠠᠨ ᠳᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠤᠯᠠᠷᠢᠯ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠠᠵᠢᠯ ᠢ ᠨᠢᠭᠡᠨᠲᠡ ᠰᠠᠶᠢᠲᠤᠷ ᠬᠢᠵᠡᠶ᠃ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ᠂ ᠬᠢᠨᠠᠨ ᠰᠢᠯᠭᠠᠬᠤ ᠬᠥᠮᠦᠨ ᠠᠮᠠ᠂ ᠡᠩ ᠤᠨ ᠡᠷᠤᠭᠡ ᠳᠤ ᠬᠥᠳᠡᠯᠦᠩᠭᠦᠢ ᠲᠤᠬᠢᠷᠠᠭᠤᠯᠤᠯᠳᠠ ᠬᠢᠬᠦ ᠠᠵᠢᠯ ᠢ ᠥᠷᠨᠢᠭᠦᠯᠵᠦ᠂ ︽ᠠᠷᠪᠠᠨ ᠲᠦᠷᠦᠯ ᠤᠨ ᠬᠥᠮᠦᠰ︾ ᠤᠨ ᠶᠣᠰᠣᠭᠠᠷ ᠪᠣᠭᠤᠮᠲᠠ ᠶᠢ ᠴᠢᠩᠭ᠎ᠠ ᠠᠳᠬᠤᠵᠤ᠂ ᠲᠡᠰ ᠳᠠᠷᠠᠭᠠᠯᠠᠯ ᠢ ᠵᠢᠷᠤᠮᠵᠢᠭᠤᠯᠵᠠᠢ᠃    ᠳᠡᠩᠰᠡᠯᠡᠨ ᠺᠠᠷᠲᠯᠠᠭᠰᠠᠨ ᠡᠷᠦᠬᠡ ᠶᠢᠨ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠲᠠᠯ᠎ᠠ ᠶᠢᠨ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠪᠠ᠃ ᠭᠠᠴᠠᠭ᠎ᠠ ᠶᠢᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠲᠠᠯ᠎ᠠ ᠶᠢᠨ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠡᠢ᠃ ᠶᠠᠳᠠᠭᠤ ᠬᠦᠴᠢᠷᠳᠡᠯᠲᠡᠶ ᠡᠷᠦᠬᠡ ᠶᠢᠨ ᠢᠳᠡᠵᠦ ᠡᠮᠦᠰᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠳᠤ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠪᠦᠬᠦᠨ ᠢ ᠨᠥᠬᠦᠪᠥᠷᠢᠯᠡᠬᠦ᠂ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠮᠨᠡᠯᠭᠡ ᠳᠤ ᠰᠠᠭᠤᠬᠤ ᠡᠭᠦᠳᠡᠨ ᠡᠮᠨᠡᠯᠭᠡ ᠶᠢᠨ ᠰᠦᠢᠳᠭᠡᠯ ᠢ ᠲᠠᠩᠰᠠ ᠲᠠᠶᠢᠯᠬᠤ᠂ ᠤᠳᠠᠭᠠᠨ ᠴᠢᠨᠠᠷᠲᠠᠶ ᠡᠪᠡᠳᠴᠢᠨ ᠤ ᠦᠨᠡᠮᠯᠡᠯ ᠭᠦᠢᠴᠡᠳᠭᠡᠬᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠡᠷ ᠪᠠᠶᠢᠰᠢᠩ ᠤᠨ ᠠᠮᠤᠷ ᠲᠦᠪᠰᠢᠨ᠂ ᠳᠠᠯᠳᠠ ᠬᠡᠮ ᠣᠷᠣᠰᠢᠵᠤ ᠪᠠᠶᠢᠭ᠎ᠠ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠤᠭᠤᠬᠤ ᠤᠰᠤᠨ ᠤ ᠠᠮᠤᠷ ᠲᠦᠪᠰᠢᠨ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠡᠬᠡ ᠲᠠᠩᠰᠠ ᠪᠠᠶᠢᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠳ᠋ᠤᠭᠠᠷ ᠢ ᠨᠢ ᠬᠠᠰᠤᠵᠠᠢ᠃ ᠡᠭᠦᠨ ᠤ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ ᠵᠡᠷᠭᠡ ᠡᠯ᠎ᠡ ᠱᠠᠲᠤᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠣᠷᠣᠰᠢᠵᠤ ᠪᠠᠶᠢᠭ᠎ᠠ ᠠᠰᠠᠭᠤᠳᠠᠯ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠪᠣᠳᠠᠲᠠᠶ ᠪᠠᠷ ᠠᠳᠬᠤᠨ ᠪᠣᠳᠠᠲᠠᠶ ᠪᠠᠷ ᠠᠵᠢᠯᠯᠠᠪᠠ᠃    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠵᠣᠯᠭᠠᠭᠤᠯᠵᠡᠢ᠃ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠡᠷᠦᠬᠡ ᠶᠢ ᠬᠠᠪᠰᠤᠷᠴᠤ ᠪᠠᠶᠢᠭᠠᠳ ᠪᠠᠭ᠎ᠠ ᠲᠣᠭᠠᠨ ᠤ ᠶᠠᠳᠠᠭᠤ ᠶᠢ ᠲᠡᠳᠬᠦᠬᠦ ᠵᠢᠭᠡᠯᠡᠯᠭᠡ ᠶᠢ ᠵᠣᠬᠢᠴᠠᠭᠤᠯᠤᠨ ᠭᠦᠢᠴᠡᠳᠭᠡᠵᠦ᠂ ᠠᠵᠤ ᠦᠢᠯᠡᠰ ᠢ ᠬᠥᠭᠵᠢᠭᠦᠯᠬᠦ᠂ ᠠᠵᠤ ᠦᠢᠯᠡᠰ ᠢ ᠪᠠᠬᠢᠵᠢᠭᠦᠯᠬᠦ ᠳᠤ ᠬᠡᠷᠡᠭᠯᠡᠨ᠂ ᠳᠠᠷᠢᠬᠤ᠂ ᠲᠡᠵᠢᠭᠡᠨ ᠦᠷᠡᠵᠢᠭᠦᠯᠬᠦ ᠦᠢᠯᠡᠰ ᠲᠤ ᠬᠡᠷᠡᠭᠯᠡᠵᠦ᠂ ᠳᠠᠷᠢᠵᠤ ᠲᠡᠵᠢᠭᠡᠬᠦ ᠶᠢ ᠤᠶᠠᠯᠳᠤᠭᠤᠯᠤᠨ᠂ ᠲᠡᠵᠢᠭᠡᠬᠦ ᠶᠢᠨ ᠲᠥᠯᠥᠭᠡ ᠳᠠᠷᠢᠵᠤ᠂ ᠠᠵᠤ ᠦᠢᠯᠡᠰ ᠤᠨ ᠪᠦᠲᠦᠴᠡ ᠶᠢ ᠳᠣᠭᠢᠷᠠᠭᠤᠯᠵᠡᠢ᠃ ᠭᠠᠴᠠᠭᠠᠨ ᠤ ᠲᠦᠷᠢᠮ ᠠᠷᠠᠳ ᠤᠨ ᠭᠡᠷ᠎ᠡ ᠶᠢᠨ ᠬᠡᠷᠡᠭᠵᠢᠭᠦᠯᠦᠯᠲᠡ ᠶᠢ ᠴᠢᠩᠳᠠᠯᠠᠵᠤ᠂ ᠤᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠲᠠᠢ ᠪᠣᠯᠭᠠᠬᠤ ᠪᠠᠷ ᠬᠦᠳᠦᠯᠦᠨ ᠵᠢᠯᠣᠭᠤᠳᠴᠤ᠂ ᠬᠡᠷ ᠪᠠᠶᠢᠰᠢᠩ ᠤᠨ ᠠᠷᠤ ᠥᠪᠥᠷ ᠢᠶᠠᠷ ᠬᠦᠷᠢᠶ᠎ᠡ ᠬᠠᠰᠢᠶ᠎ᠠ ᠲᠠᠢ ᠪᠣᠯᠭᠠᠬᠤ᠂ ᠠᠶᠢᠯ ᠲᠣᠰᠬᠤᠨ ᠤ ᠠᠷᠠᠳ ᠤᠨ ᠣᠷᠣᠨ ᠰᠠᠭᠤᠴᠠ ᠶᠢ ᠴᠡᠪᠡᠷ ᠲᠡᠭᠰᠢ ᠪᠤᠯᠭᠠᠵᠠᠢ᠃ ᠶᠠᠳᠠᠭᠤ ᠬᠦᠴᠢᠷᠳᠡᠯᠲᠡᠶ ᠡᠷᠦᠬᠡ ᠶᠢᠨ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠂ ᠪᠤᠰᠤᠳ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠥᠷᠨᠢᠭᠦᠯᠵᠦ᠂ ᠮᠠᠯᠴᠢᠨ ᠲᠠᠷᠢᠶᠠᠴᠢᠨ ᠤ ᠬᠤᠷᠰᠢᠶ᠎ᠠ ᠶᠢ ᠪᠤᠢ ᠪᠤᠯᠭᠠᠨ᠂ ᠠᠵᠤ ᠠᠬᠤᠶ ᠶᠢᠨ ᠬᠥᠮᠦᠨ᠂ ᠨᠤᠲᠤᠭ ᠤᠨ ᠴᠢᠳᠠᠪᠤᠷᠢᠲᠠᠨ᠂ ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠪᠡ᠃ ︽ᠰᠣᠶᠣᠯ ᠲᠠᠢ᠂ ᠮᠡᠷᠭᠡᠵᠢᠯ ᠲᠠᠢ᠂ ᠡᠵᠡᠩᠨᠡᠵᠦ ᠴᠢᠳᠠᠳᠠᠭ︾ ᠨᠢᠭᠡ ᠪᠦᠯᠦᠭ ᠰᠢᠨ᠎ᠡ ᠮᠠᠶ᠋ᠢᠭ ᠤᠨ ᠲᠠᠷᠢᠶᠠᠴᠢᠳ ᠢ ᠬᠥᠮᠦᠵᠢᠭᠦᠯᠦᠨ᠎ᠡ᠃ ︽ᠳᠥᠷᠪᠡ ᠶᠢ ᠥᠯᠥ ᠠᠪᠴᠤ ᠬᠠᠶᠠᠬᠤ︾ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠵᠤ᠂ ︽ᠰᠤᠷᠤᠯᠴᠠᠬᠤ ᠮᠠᠶ᠋ᠢᠭ ᠤᠨ᠂ ᠰᠡᠳᠬᠢᠬᠦ ᠮᠠᠶ᠋ᠢᠭ ᠤᠨ᠂ ᠤᠷᠤᠭᠰᠢᠯᠠᠨ ᠳᠠᠪᠰᠢᠬᠤ ᠮᠠᠶ᠋ᠢᠭ︾ ᠤᠨ ᠬᠤᠶᠠᠷ ᠵᠥᠪᠯᠡᠯ ᠤᠨ ᠪᠠᠭ ᠢ ᠪᠠᠶᠢᠭᠤᠯᠪᠠ᠃ ᠠᠵᠤ ᠦᠢᠯᠡᠰ ᠤᠨ ᠬᠥᠭᠵᠢᠯᠲᠡ ᠶᠢ ᠪᠠᠬᠢᠵᠢᠭᠦᠯᠦᠨ ᠪᠤᠵᠠᠭᠠᠶᠢᠷᠠᠭᠤᠯᠬᠤ᠂ ᠮᠠᠯᠴᠢᠨ ᠲᠠᠷᠢᠶᠠᠴᠢᠨ ᠤ ᠬᠡᠪ ᠴᠢᠨᠠᠷ ᠢ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠳᠤ ᠪᠠᠲᠤ ᠪᠠᠬᠢ ᠰᠠᠭᠤᠷᠢ ᠲᠠᠯᠪᠢᠵᠠᠢ᠃    ᠲᠠᠷᠠᠭᠠᠴᠢ ᠪᠠᠷ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠲᠠᠪᠴᠠᠩ ᠢ ᠠᠮᠵᠢᠯᠲᠠ ᠲᠠᠢ ᠨᠡᠭᠡᠭᠡᠨ ᠬᠥᠭᠵᠢᠭᠦᠯᠦᠭᠰᠡᠨ ᠰᠠᠭᠤᠷᠢᠨ ᠳᠡᠭᠡᠷ᠎ᠡ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠡᠳᠦᠷ ᠲᠤᠲᠤᠮ ᠤᠨ ᠡᠵᠡᠩᠨᠡᠯᠲᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠤᠮᠤ ᠶᠢᠨ ᠠᠷᠠᠳ ᠤᠨ ᠶᠠᠪᠤᠳᠠᠯ ᠤᠨ ᠠᠯᠪᠠᠨ ᠭᠡᠷ ᠪᠣᠯᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠢᠳᠡᠪᠬᠢᠲᠡᠶ ᠪᠠᠷ ᠨᠡᠪᠲᠡᠷᠡᠯᠴᠡᠵᠦ ᠬᠠᠷᠢᠭᠤ ᠮᠡᠳᠡᠭᠦᠯᠦᠯᠲᠡ ᠬᠠᠪᠰᠤᠷᠤᠨ ᠲᠡᠳᠬᠦᠬᠦ ᠨᠢᠭᠡᠴᠢ ᠶᠢᠨ ᠬᠦᠴᠦᠲᠡᠶ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠭᠠᠴᠠᠭᠠᠨ ᠤ ᠳᠣᠲᠣᠷᠠᠬᠢ ᠵᠢᠴᠢ ᠡᠷᠬᠢᠨ ᠲᠣᠭᠤᠷᠢᠨ ᠤ ᠶᠠᠰᠤ ᠴᠢᠨᠠᠷ ᠢᠶᠠᠷ ᠰᠢᠯᠢᠳᠡᠭ᠂ ᠢᠷᠡᠭᠡᠳᠦᠶ ᠶᠢᠨ ᠲᠥᠯᠥᠪ ᠢᠶᠠᠷ ᠰᠠᠶᠢᠨ᠂ ᠭᠠᠷᠤᠯᠲᠠ ᠶᠢᠨ ᠬᠡᠮᠵᠢᠶ᠎ᠡ ᠪᠠᠷ ᠥᠨᠳᠥᠷ ᠲᠠᠷᠢᠶᠠᠯᠠᠩ ᠤᠨ ᠪᠦᠲᠦᠭᠡᠭᠳᠡᠬᠦᠨ ᠢ ᠬᠦᠴᠦᠯᠡᠨ ᠠᠭᠤᠳᠠᠯᠵᠤ᠂ ᠲᠠᠶᠢᠫᠢᠩ ᠭᠠᠴᠠᠭ᠎ᠠ ᠳᠤ ᠬᠠᠷᠢᠶᠠᠯᠠᠭᠳᠠᠬᠤ ᠤᠨᠴᠠᠯᠢᠭᠳᠤ ᠪᠦᠲᠦᠭᠡᠭᠳᠡᠬᠦᠨ ᠢ ᠠᠯᠬᠤᠮ ᠠᠯᠬᠤᠮ ᠢᠶᠠᠷ ᠪᠣᠶ ᠪᠣᠯᠭᠠᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠶ ᠪᠠ ᠬᠦᠷᠢᠶ᠎ᠡ ᠬᠠᠰᠢᠶᠠᠨ ᠤ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ᠃     ᠤᠰᠤᠨ ᠠᠰᠢᠭᠯᠠᠯᠲᠠ ᠶᠢᠨ ᠲᠦᠬᠦᠭᠡᠷᠦᠮᠵᠢ ᠶᠢᠨ ᠥᠭᠡᠷᠡᠴᠢᠯᠡᠯᠲᠡ ᠶᠢ ᠴᠢᠩᠭᠠᠷᠠᠭᠤᠯᠤᠨ᠎ᠠ᠃ ᠭᠠᠴᠠᠭᠠᠨ ᠤ ᠬᠡᠪᠴᠢᠶᠡᠨ ᠤ ᠵᠠᠮ᠂ ᠤᠰᠤᠨ ᠠᠰᠢᠭᠯᠠᠯᠲᠠ᠂ ᠤᠤᠭᠤᠬᠤ ᠤᠰᠤ᠂ ᠴᠠᠬᠢᠯᠭᠠᠨ ᠬᠦᠴᠦᠨ᠂ ᠲᠣᠣᠷ ᠰᠦᠯᠵᠢᠶ᠎ᠡ ᠵᠡᠷᠭᠡ ᠰᠠᠭᠤᠷᠢ ᠲᠦᠬᠦᠭᠡᠷᠦᠮᠵᠢ ᠶᠢᠨ ᠣᠳᠣᠬᠢ ᠪᠠᠶᠢᠳᠠᠯ ᠢ ᠬᠢᠨᠠᠮᠠᠭᠠᠶ ᠡᠮᠬᠢᠯᠡᠨ ᠲᠢᠭᠯᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠠᠭ ᠲᠤᠬᠠᠶ ᠳᠤ ᠨᠢ ᠴᠢᠷᠮᠠᠶᠢᠨ ᠣᠯᠵᠤ ᠂ ᠭᠠᠴᠠᠭᠠᠨ ᠤ ᠬᠡᠪᠴᠢᠶᠡᠨ ᠤ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠤᠯᠠᠨ ᠲᠦᠮᠡᠨ ᠤ ᠦᠢᠯᠡᠳᠪᠦᠷᠢᠯᠡᠯ ᠪᠣᠯᠤᠨ ᠠᠮᠢᠳᠤᠷᠠᠯ ᠳᠤ ᠨᠡᠩ ᠲᠥᠬᠦᠮ ᠨᠥᠬᠦᠴᠡᠯ ᠬᠠᠩᠭᠠᠨ᠎ᠠ᠃                          ︵ᠹᠦ᠋ ᠹᠦ᠋ ᠴᠢᠤᠸᠠᠨ︶
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号