ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/28
    11 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠨᠢᠭᠡᠳᠦᠭᠡᠷ ᠬᠤᠷᠠᠯ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠵᠤ ᠬᠤᠷᠠᠯ ᠢ ᠡᠷᠭᠢᠯᠠᠪᠠ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠶ ᠬᠤᠲᠠ ᠶᠢᠨ ᠲᠡᠷᠭᠡ ᠵᠢᠯᠣᠭᠤᠳᠤᠨ ᠶᠠᠪᠠᠭᠠᠨ ᠬᠥᠮᠦᠨ ᠢ ᠳᠠᠭᠠᠷᠢᠭᠰᠠᠨ ᠬᠡᠷᠡᠭ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠠᠯᠪᠠᠨ ᠬᠡᠷ ᠤᠨ ︽ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾᠂ ᠶᠡᠷᠦᠩᠬᠡᠶ ᠰᠠᠶᠢᠳ ᠯᠢ ᠴᠢᠶᠠᠩ ᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠲᠤᠬᠠᠶ ᠴᠣᠬᠤᠯᠠᠪᠤᠷᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠲᠤᠬᠠᠶ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠤᠯᠠᠮᠵᠢᠯᠠᠨ ᠰᠤᠷᠤᠯᠴᠠᠪᠠ᠃ ᠬᠠᠷ᠎ᠠ ᠢᠮᠠᠭᠠᠳᠤ ᠶᠢᠨ ᠠᠭᠤᠯᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ ᠪᠣᠯᠪᠠᠰᠤᠷᠠᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠭᠰᠣᠭᠠᠬᠤ᠂ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠭᠤᠣᠯ ᠰᠡᠳᠦᠪᠲᠦ ᠴᠡᠴᠡᠷᠯᠢᠭ ᠵᠢᠴᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ ᠴᠤᠭᠯᠠᠷᠠᠭᠤᠯᠬᠤ ᠴᠡᠭ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠢᠴᠢ ᠶᠠᠨ ᠭᠤᠸᠠᠨ ᠵᠡᠭᠡᠯᠢ ᠶᠢ ᠨᠡᠮᠡᠵᠦ ᠪᠠᠶᠢᠭᠤᠯᠬᠤ ᠵᠡᠷᠭᠡ ᠶᠠᠪᠤᠳᠠᠯ ᠢ ᠰᠤᠳᠤᠯᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ︽15 ᠲᠦᠮᠡᠨ ᠮᠥ ᠤᠯᠤᠰ ᠤᠨ ᠲᠠᠰ ᠤᠨ ᠣᠶ ᠶᠢᠨ ᠬᠤᠷᠮᠣᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠪᠥᠬᠦ ᠤᠯᠤᠰ ᠤᠨ ᠲᠠᠷᠢᠶᠠᠯᠠᠩ ᠤᠨ ᠣᠷᠴᠢᠯ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠬᠤᠷᠰᠢᠨ ᠪᠠᠯᠠ ᠣᠷᠣᠭᠤᠯᠬᠤ ᠲᠤᠬᠠᠶ ᠵᠥᠪᠯᠡᠯᠴᠡᠭᠡᠷ︾ ᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠲᠦᠷᠦᠯ ᠤᠨ ᠰᠤᠳᠤᠯᠭᠠᠨ ᠤ ᠰᠡᠳᠦᠪ ᠢ ᠪᠣᠳᠠᠲᠠᠢ ᠠᠵᠢᠯ ᠤᠨ ᠳᠤᠮᠳᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠨᠠᠷᠢᠨ ᠲᠠᠩᠰᠠ ᠶᠢ ᠪᠦᠷᠢᠯᠳᠦᠭᠦᠯᠤᠨ᠂ ᠠᠵᠢᠯ ᠤᠨ ᠡᠭᠦᠷᠭᠡ ᠶᠢ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠮᠢᠶ᠎ᠠ ᠪᠦᠬᠦᠢ ᠤᠴᠢᠷ ᠶᠠᠪᠤᠳᠠᠯ ᠢ ᠲᠦᠷᠭᠡᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号