ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠵᠦ ᠤᠯᠠᠨ ᠲᠦᠮᠡᠨ ᠳᠤ  ᠦᠨᠡᠨ ᠬᠦ ᠠᠰᠢᠭ ᠬᠦᠷᠳᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2024/11/28
      ᠤᠶᠢᠷ᠎ᠠ ᠳᠤ᠂ ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤᠨ ᠤ ᠬᠠᠷᠠᠨᠢᠭᠤᠷ ᠰᠤᠮᠤ ᠶᠢᠨ  ᠪᠤᠷᠢᠶᠠᠳ ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ ᠤᠨ ᠡᠮᠴᠢ ᠯᠢᠤ ᠰᠢᠶᠠᠨ ᠵᠸᠤ ᠦᠷᠯᠦᠬᠡ ᠡᠷᠳᠡ ᠡᠬᠦᠳᠡ ᠪᠠᠨ ᠨᠡᠬᠡᠭᠡᠮᠡᠭᠴᠡ ᠲᠤᠰᠬᠤᠨ ᠤ ᠠᠷᠠᠳ ᠡᠪᠡᠳᠴᠢᠨ ᠦᠵᠡᠬᠦᠯᠵᠦ ᠡᠮ ᠠᠪᠬᠤ ᠪᠠᠷ ᠠᠷᠤ ᠠᠷᠤ ᠠᠴᠠ ᠪᠠᠨ ᠢᠷᠡᠵᠡᠬᠡᠪᠡ᠃ ᠴᠢᠰᠦᠨ ᠲᠠᠷᠦᠯᠳᠠ ᠦᠨᠳᠦᠷ ᠡᠪᠡᠳᠴᠢᠨ ᠲᠠᠢ ᠭᠤᠸᠠᠨ ᠴᠢᠮᠡᠭ᠄ ︽ᠡᠮᠦᠨ᠎ᠡ ᠬᠡᠳᠦᠨ ᠵᠢᠯ ᠪᠢᠳᠡ ᠡᠮ ᠠᠪᠬᠤ ᠬᠡᠪᠡᠯ ᠰᠤᠮᠤ ᠪᠤᠶᠤ ᠬᠤᠰᠢᠭᠤᠨ ᠲᠡᠭᠡᠷ᠎ᠡ ᠤᠴᠢᠳᠠᠭ᠃ ᠤᠳᠤ ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ ᠲᠤ ᠡᠮ ᠤᠨ ᠵᠦᠢᠯᠡᠰ ᠪᠦᠷᠢᠨ ᠪᠤᠯᠬᠤᠷ ᠲᠦᠢᠯ ᠤᠨ ᠲᠦᠬᠦᠮ ᠪᠤᠯᠵᠠᠢ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃      ᠠᠯᠢᠪᠠ ᠡᠮ ᠤᠨ ᠵᠦᠢᠯᠡᠰ ᠢ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠲᠦᠪᠯᠡᠷᠡᠬᠦᠯᠦᠨ ᠬᠤᠳᠠᠯᠳᠤᠨ ᠠᠪᠴᠦ ᠨᠢᠬᠡᠳᠦᠯᠳᠡᠢ ᠬᠤᠪᠢᠶᠠᠷᠢᠯᠠᠨ᠂ ᠦᠨ᠎ᠠ ᠬᠠᠩᠰᠢ ᠶᠢᠨ ᠵᠦᠷᠢᠶ᠎ᠡ ᠦᠬᠡᠢ ᠪᠤᠷᠤᠯᠠᠭᠤᠯᠤᠬᠰᠠᠨ ᠠᠴᠠ ᠤᠯᠠᠨ ᠲᠦᠮᠡᠨ ᠤ ︽ᠡᠮ ᠠᠪᠬᠤ ᠲᠠᠷᠦᠭᠠᠰᠦ︾ ᠶᠢ ᠬᠦᠡᠭᠭᠡᠯᠡᠪᠡ᠃ ᠡᠨᠡ ᠪᠤᠯ ᠬᠢᠨᠭ᠍ᠭᠠᠨ ᠠᠶᠢᠮᠠᠭ ᠤᠨ ᠡᠯ᠎ᠡ ᠱᠠᠳᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠰᠢᠶᠠᠨ ᠤ ᠬᠡᠪᠴᠢᠶᠡᠨ ᠤ ᠡᠮᠴᠢᠯᠡᠬᠡᠨ ᠤ ᠬᠠᠮᠳᠤ ᠶᠢᠨ ᠴᠤᠬᠴᠠ ᠶᠢ ᠪᠠᠶᠢᠭᠤᠯᠵᠦ᠂ ᠤᠯᠠᠨ ᠲᠦᠮᠡᠨ ᠤ ᠡᠮ ᠠᠪᠬᠤ ᠲᠠᠷᠦᠭᠠᠰᠦ ᠶᠢ  ᠦᠨᠡᠨ ᠬᠦ ᠬᠦᠡᠭᠬᠡᠯᠡᠵᠦ ᠪᠠᠶᠢᠭ᠎ᠠ ᠬᠤᠷᠢᠶᠠᠩᠭᠤᠢ ᠲᠤᠰᠬᠠᠯ ᠪᠤᠯᠤᠨ᠎ᠡ᠃ ᠤᠶᠢᠷ᠎ᠠ ᠶᠢᠨ ᠬᠡᠳᠦᠨ ᠵᠢᠯ᠂ ᠬᠢᠨᠭ᠍ᠭᠠᠨ ᠠᠶᠢᠮᠠᠭ ᠰᠢᠶᠠᠨ ᠤ ᠬᠡᠪᠴᠢᠶᠡᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠡᠬᠢ ᠪᠠᠶᠠᠯᠢᠭ ᠢ ᠴᠢᠷᠮᠠᠶᠢᠨ ᠨᠡᠶᠢᠳᠬᠡᠵᠦ᠂ ᠬᠤᠰᠢᠭᠤ ᠰᠢᠶᠠᠨ ᠰᠤᠮᠤ ᠰᠢᠶᠠᠩ ᠪᠠᠯᠭᠠᠰᠦ ᠭᠠᠴᠠᠭ᠎ᠠ ᠲᠤᠰᠬᠤᠨ ᠤ ᠡᠮᠴᠢᠯᠡᠬᠡᠨ ᠤ ᠦᠢᠯᠡᠴᠢᠯᠡᠬᠡᠨ ᠢ ᠨᠢᠬᠡ ᠴᠤᠬᠴᠠᠵᠢᠭᠤᠯᠤᠨ ᠬᠠᠮᠢᠶᠠᠷᠬᠤ ᠰᠢᠨ᠎ᠡ ᠬᠡᠯᠪᠡᠷᠢ ᠶᠢᠨ ᠡᠮᠴᠢᠯᠡᠬᠡᠨ ᠤ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠤᠯᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠦ᠂ ᠡᠮᠴᠢᠯᠡᠬᠡᠨ ᠤ ᠡᠬᠢ ᠪᠠᠶᠠᠯᠢᠭ ᠢ ᠬᠠᠮᠳᠤᠪᠡᠷ ᠡᠳ᠋ᠯᠡᠨ᠂ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠬᠦᠴᠢᠷ ᠠᠰᠠᠭᠤᠳᠠᠯ ᠢ ᠰᠶᠢᠳᠪᠦᠷᠢᠯᠡᠵᠡᠢ᠃      ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠡᠮᠴᠢ ᠵᠢᠶᠠᠩ ᠸᠧᠢ ᠠᠯᠦᠰ ᠡᠵᠡᠮᠰᠢᠯ ᠤᠨ ᠬᠡᠳᠦ ᠲᠤᠯᠬᠢᠶᠠᠨ ᠤ ᠲᠡᠪᠴᠡᠩ ᠢᠶᠠᠷ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠬᠡᠬᠡᠨᠰᠦ᠋ᠮ᠎ᠡ ᠬᠤᠪᠢᠶᠠᠷᠢ ᠡᠮᠨᠡᠯᠬᠡ ᠶᠢᠨ ᠬᠤᠷᠢᠶ᠎ᠠ ᠠᠴᠠ ᠢᠷᠡᠭᠦᠯᠦᠭᠰᠡᠨ ᠰᠡᠬᠦᠳᠡᠷ ᠢ ᠦᠵᠡᠵᠦ ᠡᠪᠡᠳᠴᠢᠨ ᠤᠨᠤᠰᠢᠯᠠᠵᠦ ᠪᠠᠶᠢᠪᠠ᠃ ᠲᠤᠰᠬᠤᠨ ᠤ ᠠᠷᠠᠳ ᠵᠠᠩ ᠬᠠᠢ ᠰᠢᠶᠠ ᠡᠬᠦᠳᠡᠨ ᠡᠮᠦᠨ᠎ᠡ ᠪᠠᠨ ᠪᠠᠶᠢᠴᠠᠭᠠᠯᠳᠠ ᠶᠢᠨ  ᠳ᠋ᠦᠩ ᠢ ᠮᠡᠳᠡᠵᠦ᠂ ᠬᠤᠯᠠ ᠭᠠᠵᠠᠷ ᠤᠴᠢᠵᠦ ᠡᠪᠡᠳᠴᠢᠨ ᠦᠵᠡᠬᠦᠯᠬᠦ ᠵᠠᠷᠦᠳᠠᠯ ᠢᠶᠠᠨ ᠠᠷᠪᠢᠯᠠᠬᠰᠠᠨ ᠪᠠᠶᠢᠨ᠎ᠠ᠃      ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠦᠨᠳᠦᠰᠦᠨ ᠱᠠᠳᠦᠨ ᠤ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠬᠦᠴᠢᠷ᠂ ᠦᠨᠡᠳᠡᠢ᠂ ᠬᠤᠯᠠ ᠠᠶᠠᠯᠠᠬᠤ ᠠᠰᠠᠭᠤᠳᠠᠯ ᠢ ᠰᠶᠢᠳᠪᠦᠷᠢᠯᠡᠬᠦ ᠶᠢᠨ ᠲᠦᠯᠦᠬᠡ᠂ ︽ᠢᠨᠲ᠋ᠧᠷ ᠰᠦᠯᠵᠢᠶ᠎ᠡ +︾ ᠵᠬᠠᠪᠦᠷ ᠢ ᠰᠦᠪᠡᠭᠴᠢᠯᠡᠨ᠂ ᠡᠯ᠎ᠡ ᠰᠤᠮᠤ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶᠠᠨ ᠳᠤ ᠱᠠᠳᠦ ᠬᠤᠪᠢᠶᠠᠨ ᠡᠮᠴᠢᠯᠡᠬᠦ᠂ ᠡᠮᠨᠡᠯᠬᠡ ᠳᠤ ᠰᠢᠯᠵᠢᠬᠦᠯᠬᠦ ᠵᠡᠷᠭᠡ ᠲᠠᠯ᠎ᠠ ᠪᠠᠷ ᠬᠦᠨᠵᠡᠬᠡᠢ ᠬᠠᠮᠵᠢᠯᠴᠠᠵᠦ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠲᠤᠳᠤᠭᠠᠳᠤ  ᠳᠠᠬᠢ ᠡᠬᠢ ᠪᠠᠶᠠᠯᠢᠭ ᠢ ᠬᠠᠮᠳᠤᠪᠡᠷ ᠡᠳ᠋ᠯᠡᠬᠦ ᠪᠤᠯᠭᠠᠵᠠᠢ᠃ 2023 ᠤᠨ ᠠᠴᠠ ᠤᠳᠤ ᠪᠤᠯᠳᠠᠯ᠎ᠠ᠂ 4000 ᠭᠠᠷᠦᠢ ᠡᠪᠡᠳᠴᠢᠳᠡᠨ ᠤ ᠡᠪᠡᠳᠴᠢᠨ ᠢ ᠠᠯᠦᠰ ᠡᠵᠡᠮᠰᠢᠯ ᠢᠶᠠᠷ ᠤᠨᠤᠰᠢᠯᠠᠵᠠᠢ᠃ ᠪᠠᠰᠠ ᠡᠯ᠎ᠠ ᠰᠤᠮᠤ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠠᠴᠠ ᠢᠷᠡᠭᠦᠯᠦᠭᠰᠡᠨ ᠵᠢᠷᠦᠬᠡᠨ ᠴᠠᠬᠢᠯᠭᠠᠨ ᠤ ᠵᠢᠷᠤᠭ ᠢ ᠴᠤ 10 ᠮᠢᠨᠦ᠋ᠲ ᠤᠨ ᠲᠤᠳᠤᠷ᠎ᠠ ᠤᠨᠤᠰᠢᠯᠠᠵᠦ ᠲᠡᠶᠢᠯᠬᠦ ᠪᠤᠯᠭᠠᠪᠠ᠃      ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠬᠡᠬᠡᠨᠰᠦ᠋ᠮ᠎ᠡ ᠬᠤᠪᠢᠶᠠᠷᠢ ᠡᠮᠨᠡᠯᠬᠡ ᠶᠢᠨ ᠬᠤᠷᠢᠶ᠎ᠠ ᠶᠢᠨ ᠲᠠᠷᠤᠭ᠎ᠠ ᠰᠢ ᠢᠤᠢ ᠭᠥᠸᠧ᠄ ︽ᠡᠮᠴᠢᠯᠡᠬᠡᠨ ᠤ ᠬᠠᠮᠳᠤ ᠶᠢᠨ ᠴᠤᠬᠴᠠ ᠳᠤ ᠤᠷᠤᠯᠴᠠᠬᠰᠠᠨ ᠠᠴᠠ ᠨᠠᠭᠠᠰᠢ ᠮᠠᠨ ᠤ ᠡᠮᠨᠡᠯᠬᠡ ᠶᠢᠨ ᠬᠤᠷᠢᠶ᠎ᠠ ᠶᠢᠨ ᠡᠬᠦᠳᠡᠨ ᠡᠮᠨᠡᠯᠬᠡ ᠶᠢᠨ ᠬᠦᠮᠦᠨ ᠤᠳᠠᠭ᠎ᠠ᠂ ᠡᠮᠨᠡᠯᠬᠡ ᠠᠴᠠ ᠭᠠᠷᠤᠬᠰᠠᠨ ᠬᠦᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠤᠰ ᠲᠤᠰ 30 %᠂ 60 % ᠪᠠᠷ ᠨᠡᠮᠡᠭᠳᠡᠪᠡ᠃ ᠰᠢᠶᠠᠨ ᠤ ᠲᠡᠰ ᠤᠨ ᠡᠮᠨᠡᠯᠬᠡ ᠶᠢᠨ ᠬᠤᠷᠢᠶ᠎ᠠ ᠤᠨᠤᠰᠢᠯᠠᠵᠦ ᠲᠡᠶᠢᠯᠬᠦ ᠦᠬᠡᠢ ᠡᠪᠡᠳᠴᠢᠨ ᠢ ᠭᠤᠷᠪᠠᠨ ᠬᠦᠬᠡ ᠲᠡᠰ ᠤᠨ ᠡᠮᠨᠡᠯᠬᠡ ᠶᠢᠨ ᠬᠤᠷᠢᠶ᠎ᠠ ᠶᠢᠨ ᠲᠤᠰᠬᠠᠢ ᠮᠡᠷᠬᠡᠵᠢᠯᠳᠡᠨ ᠢᠶᠠᠷ ᠤᠨᠤᠰᠢᠯᠠᠭᠤᠯᠵᠦ ᠲᠡᠶᠢᠯᠬᠦ ᠪᠤᠯᠤᠬᠰᠠᠨ ᠠᠴᠠ ᠦᠨᠳᠦᠰᠦᠨ ᠱᠠᠳᠦᠨ ᠤ ᠡᠮᠨᠡᠯᠬᠡ ᠶᠢᠨ ᠬᠤᠷᠢᠶᠠᠨ ᠳᠤ ᠡᠪᠡᠳᠴᠢᠨ ᠦᠵᠡᠬᠦᠯᠬᠦ ᠬᠦᠮᠦᠨ ᠤᠯᠠᠰᠢᠷᠠᠵᠦ᠂ ᠡᠪᠡᠳᠴᠢᠳᠡᠨ ᠳᠤ  ᠦᠨᠡᠨ ᠬᠦ ᠠᠰᠢᠭ ᠬᠦᠷᠳᠡᠭᠡᠵᠦ ᠪᠠᠶᠢᠨ᠎ᠠ︾ ᠭᠡᠨ᠎ᠠ᠃      ᠰᠢᠶᠠᠨ ᠤ ᠬᠡᠪᠴᠢᠶᠡᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢᠨ ︽ᠲᠤᠯᠤᠭᠠᠶᠢᠯᠠᠬᠴᠢ︾ ᠪᠤᠯᠤᠬᠰᠠᠨ ᠵᠠᠯᠠᠶᠢᠳ ᠬᠤᠰᠢᠭᠤᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠨᠢᠬᠡᠳᠦᠭᠡᠷ ᠶᠡᠷᠦᠩᠭᠡᠢ ᠡᠮᠨᠡᠯᠬᠡ ᠶᠢᠨ ᠬᠤᠷᠢᠶ᠎ᠠ ᠡᠪᠡᠳᠴᠢᠳᠡᠳ ᠤᠨ ᠡᠪᠡᠳᠴᠢᠨ ᠦᠵᠡᠬᠦᠯᠬᠦ ᠳᠤ ᠬᠦᠴᠢᠷ ᠠᠰᠠᠭᠤᠳᠠᠯ ᠢ ᠰᠶᠢᠳᠪᠦᠷᠢᠯᠡᠬᠦ ᠶᠢᠨ ᠲᠦᠯᠦᠬᠡ᠂ ᠪᠡᠬᠡᠵᠢᠩ ᠶᠡᠭᠡ ᠰᠤᠷᠭᠠᠭᠤᠯᠢ ᠶᠢᠨ ᠨᠢᠬᠡᠳᠦᠭᠡᠷ ᠡᠮᠨᠡᠯᠬᠡ ᠶᠢᠨ ᠬᠤᠷᠢᠶ᠎ᠠ᠂ ᠬᠢᠷᠢᠨ ᠶᠡᠭᠡ ᠰᠤᠷᠭᠠᠭᠤᠯᠢ ᠶᠢᠨ ᠭᠤᠷᠪᠠᠳᠤᠭᠠᠷ ᠡᠮᠨᠡᠯᠬᠡ ᠶᠢᠨ ᠬᠤᠷᠢᠶ᠎ᠠ ᠵᠡᠷᠭᠡ ᠤᠯᠠᠨ ᠡᠮᠨᠡᠯᠬᠡ ᠶᠢᠨ ᠬᠤᠷᠢᠶ᠎ᠠ ᠲᠠᠢ ᠲᠤᠰᠬᠠᠢ ᠰᠠᠯᠠᠭᠠᠨ ᠤ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠦ᠂ ᠲᠤᠰᠬᠠᠢ ᠮᠡᠷᠬᠡᠵᠢᠯᠳᠡᠨ ᠢ ᠲᠤᠬᠳᠠᠬᠰᠠᠨ ᠬᠤᠭᠤᠴᠠᠭ᠎ᠠ ᠲᠠᠢ ᠪᠠᠷ ᠡᠮᠨᠡᠯᠬᠡ ᠶᠢᠨ ᠬᠤᠷᠢᠶᠠᠨ ᠳᠠᠭᠠᠨ ᠤᠷᠢᠵᠦ ᠠᠪᠴᠢᠷᠠᠨ ᠤᠯᠠᠨ ᠲᠦᠮᠡᠨ ᠳᠤ  ᠦᠨᠡᠨ ᠬᠦ ᠠᠰᠢᠭ ᠬᠦᠷᠳᠡᠬᠡᠵᠦ ᠪᠠᠶᠢᠨ᠎ᠠ᠃      ᠵᠠᠯᠠᠶᠢᠳ ᠬᠤᠰᠢᠭᠤᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠨᠢᠬᠡᠳᠦᠭᠡᠷ ᠶᠡᠷᠦᠩᠭᠡᠢ ᠡᠮᠨᠡᠯᠬᠡ ᠶᠢᠨ ᠬᠤᠷᠢᠶ᠎ᠠ ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢᠨ ᠲᠡᠮᠵᠢᠯᠬᠡ ᠪᠠᠷ᠂ ᠪᠡᠬᠡᠵᠢᠩ᠂ ᠬᠢᠷᠢᠨ ᠵᠡᠷᠭᠡ ᠭᠠᠵᠠᠷ ᠤᠨ ᠡᠮᠴᠢᠯᠡᠬᠡᠨ ᠤ ᠲᠤᠰᠬᠠᠢ ᠮᠡᠷᠬᠡᠵᠢᠯᠳᠡᠨ ᠢ ᠤᠷᠢᠵᠦ᠂ 29446 ᠡᠪᠡᠳᠴᠢᠳᠡᠨ ᠤ ᠡᠪᠡᠳᠴᠢᠨ ᠢ ᠤᠨᠤᠰᠢᠯᠠᠭᠤᠯᠵᠠᠢ᠃ ᠡᠮᠴᠢᠯᠡᠬᠡᠨ ᠤ ᠲᠤᠰᠬᠠᠢ ᠮᠡᠷᠬᠡᠵᠢᠯᠳᠡᠳ ︽ᠤᠯᠠᠮᠵᠢᠯᠠᠬᠤ ᠬᠠᠪᠰᠤᠷᠬᠤ ᠲᠠᠭᠠᠭᠤᠯᠬᠤ︾ ᠠᠷᠭ᠎ᠠ ᠪᠠᠷ ᠡᠮᠴᠢᠯᠡᠬᠡᠨ ᠤ ᠰᠢᠯᠢᠳᠡᠭ ᠴᠢᠳᠠᠪᠦᠷᠢᠳᠠᠨ ᠢ ᠨᠢᠬᠡ ᠪᠦᠯᠦᠭ ᠬᠦᠮᠦᠵᠢᠬᠦᠯᠵᠦ᠂ ᠲᠤᠬᠠᠢ ᠶᠢᠨ ᠭᠠᠵᠠᠷ ᠤᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠳᠤ ᠴᠢᠳᠠᠪᠦᠷᠢᠳᠠᠨ ᠤ ᠪᠠᠳᠦᠯᠠᠭ᠎ᠠ ᠬᠠᠨᠭ᠍ᠭᠠᠵᠠᠢ᠃      ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠦᠢᠯᠡᠰ ᠪᠤᠯ ᠠᠷᠠᠳ ᠤᠨ ᠠᠮᠢᠳᠦᠷᠠᠯ ᠲᠠᠢ ᠰᠢᠭᠤᠳ ᠬᠤᠯᠪᠤᠬᠳᠠᠵᠦ ᠪᠠᠶᠢᠳᠠᠭ᠃ ᠤᠳᠤ ᠪᠤᠯᠳᠠᠯ᠎ᠠ᠂ ᠬᠢᠨᠭ᠍ᠭᠠᠨ ᠠᠶᠢᠮᠠᠭ ᠤᠨ 6 ᠬᠤᠰᠢᠭᠤ ᠰᠢᠶᠠᠨ ᠬᠤᠳᠠ ᠰᠢᠶᠠᠨ ᠤ ᠬᠡᠪᠴᠢᠶᠡᠨ ᠤ ᠡᠮᠴᠢᠯᠡᠬᠡᠨ ᠤ ᠬᠠᠮᠳᠤ ᠶᠢᠨ ᠴᠤᠬᠴᠠ ᠶᠢ ᠨᠢᠬᠡᠨᠳᠡ 8 ᠪᠠᠶᠢᠭᠤᠯᠵᠦ᠂ 85 ᠰᠤᠮᠤ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ 16 ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ᠂ 885 ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠢ ᠬᠠᠮᠦᠷᠴᠦ᠂ ᠦᠨᠳᠦᠰᠦᠨ ᠱᠠᠳᠦᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠦᠳᠡᠨ ᠡᠮᠨᠡᠯᠬᠡ᠂ ᠲᠦᠷᠬᠡᠨ ᠡᠮᠨᠡᠯᠬᠡ ᠶᠢᠨ ᠡᠵᠡᠯᠡᠬᠦ ᠬᠠᠷᠢᠴᠠᠯ ᠢ ᠠᠯᠭᠤᠷ ᠢᠶᠠᠷ ᠲᠡᠭᠡᠭᠰᠢᠯᠡᠭᠦᠯᠵᠦ᠂ ︽ᠪᠠᠭ᠎ᠠ ᠡᠪᠡᠳᠴᠢᠨ ᠢ ᠭᠠᠴᠠᠭ᠎ᠠ ᠲᠤᠰᠬᠤᠨ ᠳᠠᠭᠠᠨ ᠵᠠᠰᠠᠵᠦ᠂ ᠦᠷᠬᠦᠯᠵᠢ ᠲᠤᠬᠢᠶᠠᠯᠳᠤᠬᠤ ᠡᠪᠡᠳᠴᠢᠨ ᠢ ᠰᠤᠮᠤ ᠰᠢᠶᠠᠩ ᠪᠠᠯᠭᠠᠰᠦᠨ ᠳᠠᠭᠠᠨ ᠵᠠᠰᠠᠵᠦ᠂ ᠬᠦᠨᠳᠤ ᠡᠪᠡᠳᠴᠢᠨ ᠢ ᠬᠤᠰᠢᠭᠤ ᠰᠢᠶᠠᠨ ᠳᠠᠭᠠᠨ ᠵᠠᠰᠠᠬᠤ︾ ᠡᠮᠴᠢᠯᠡᠬᠡᠨ ᠤ ᠦᠬᠡᠷᠡᠴᠢᠯᠡᠯᠳᠡ ᠶᠢᠨ ᠬᠠᠷᠠᠯᠳᠠ ᠶᠢ ᠠᠩᠬ᠎ᠠ ᠪᠡᠶᠡᠯᠡᠬᠦᠯᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠦᠷ ᠲᠦᠪᠰᠢᠨ ᠤ ᠲᠦᠷᠦᠭᠳᠡᠯ ᠢ ᠨᠡᠮᠡᠭᠳᠡᠭᠦᠯᠵᠦ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号