| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 28 ᠤ ᠴᠠᠭᠢᠯᠭᠠᠨ ᠮᠡᠳᠡᠭᠡ 11 ᠰᠠᠷ᠎ᠠ ᠶᠢᠨ 27 ᠤ ᠡᠳᠦᠷ | ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠤᠷᠰᠢ ᠳᠤ ᠴᠠᠭᠢᠯᠭᠠᠨ ᠴᠢᠮᠡᠭᠡ ᠶᠠᠪᠤᠭᠤᠯᠵᠤ᠂ ᠪᠦᠭᠦᠳᠡ ᠨᠠᠶᠢᠷᠠᠮᠳᠠᠬᠤ | ᠵᠡᠭᠦᠨ ᠡᠷᠭᠢ ᠳᠠᠬᠢ ᠦᠷᠦ᠋ᠭᠤᠸᠠᠢ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠦᠷᠦ᠋ᠭᠤᠸᠠᠢ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠬᠠᠮᠲᠤᠷᠠᠯᠴᠠᠵᠤ | ᠬᠠᠮᠲᠤ ᠪᠠᠷ ᠠᠰᠢᠭ ᠬᠦᠷᠲᠡᠵᠦ ᠪᠠᠶᠢᠭ᠎ᠠ ᠰᠠᠶᠢᠨ ᠬᠠᠨᠢᠲᠠᠨ ᠮᠥᠨ᠃ ᠬᠠᠷᠢᠯᠴᠠᠭ᠎ᠠ ᠪᠠᠶᠢᠭᠤᠯᠤᠭᠰᠠᠨ 36 ᠵᠢᠯ ᠤᠨ ᠲᠤᠷᠰᠢ᠂ | ᠬᠤᠶᠠᠷ ᠤᠯᠤᠰ ᠢᠶᠠᠷ ᠢᠶᠠᠨ ᠢᠮᠠᠭᠲᠠ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ | ᠬᠤᠯᠪᠣᠭᠳᠠᠭᠰᠠᠨ ᠠᠰᠠᠭᠤᠳᠠᠯ ᠳᠡᠭᠡᠷ᠎ᠡ ᠡᠷᠡᠰ ᠬᠠᠷᠢᠯᠴᠠᠨ ᠲᠡᠮᠵᠢᠵᠥ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ | ᠬᠥᠮᠥᠰ ᠤᠨ ᠰᠡᠳᠬᠢᠯ ᠳᠤ ᠭᠦᠨ ᠬᠠᠳᠠᠩᠰᠢᠵᠠᠢ᠃ ᠪᠢ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢᠨ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠤᠤᠷᠰᠢ ᠲᠠᠢ | ᠬᠠᠮᠲᠤ ᠪᠠᠷ ᠴᠢᠷᠮᠠᠶᠢᠵᠤ᠂ ᠳᠤᠮᠳᠠᠳᠤ ᠦᠷᠦ᠋ᠭᠤᠸᠠᠢ ᠶᠢᠨ ᠨᠥᠬᠦᠷᠯᠡᠯ ᠢ ᠦᠷᠭᠦᠯᠵᠢᠯᠡᠭᠦᠯᠵᠦ᠂ ᠳᠤᠮᠳᠠᠳᠤ ᠦᠷᠦ᠋ᠭᠤᠸᠠᠢ ᠶᠢᠨ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠠᠩ ᠣᠯᠠᠨ ᠦᠷ᠎ᠡ ᠪᠦᠲᠦᠭᠡᠯ ᠣᠯᠬᠤ ᠶᠢ | ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠲᠤᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠦᠷᠦ᠋ᠭᠤᠸᠠᠢ ᠶᠢᠨ ᠳᠡᠳ᠋ ᠶᠡᠷᠦᠩᠬᠡᠶᠢᠯᠡᠭᠴᠢ ᠪᠠᠷ | ᠰᠣᠩᠭᠤᠭᠳᠠᠭᠰᠠᠨ ᠭᠠᠦ᠋ᠰ ᠲᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃ | |