ᠤᠯᠠᠭᠠᠨᠮᠤᠳᠤ ᠶᠢᠨ ᠲᠠᠯ᠎ᠠ ᠨᠤᠳᠤᠭ ᠪᠤᠯ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ ᠶᠢᠨ ᠪᠠᠷᠠᠭᠤᠨ | ᠬᠤᠶᠢᠳᠤ ᠬᠡᠰᠡᠭ ᠤᠨ ᠴᠤᠯ ᠮᠠᠯᠵᠢᠬᠤ ᠭᠠᠵᠠᠷ ᠪᠤᠯᠤᠨ᠎ᠠ᠃ ᠲᠤᠰ ᠭᠠᠵᠠᠷ ᠪᠤᠯ ᠶᠡᠭᠡ ᠬᠢᠩᠭᠠᠨ ᠲᠠᠪᠠᠭᠠᠨ ᠤ | ᠪᠠᠷᠠᠭᠤᠨ ᠡᠮᠦᠨ᠎ᠡ ᠵᠠᠬ᠎ᠠ ᠶᠢᠨ ᠬᠠᠩᠭᠠᠢ ᠨᠤᠳᠤᠭ ᠤᠨ ᠮᠠᠯᠵᠢᠬᠤ ᠤᠷᠤᠨ ᠪᠤᠯᠤᠨ᠎ᠠ᠃ ᠡ᠊ᠨᠳᠡ ᠤᠩᠭᠤᠨ | ᠪᠠᠶᠢᠭᠠᠯᠢᠯᠢᠭ ᠠᠭᠤᠯᠠ ᠬᠠᠶᠢᠷᠬᠠᠨ᠂ ᠡᠪᠡᠰᠤ ᠪᠡᠯᠴᠢᠭᠡᠷ᠂ ᠪᠤᠬᠢᠷᠳᠤᠯ ᠦᠭᠡᠢ ᠭᠤᠤᠯ ᠤᠰᠤ ᠮᠡᠯᠮᠡᠯᠵᠡᠨ᠂ ᠨᠡᠭᠦᠳᠡᠯ | ᠮᠠᠯᠵᠢᠬᠤ ᠠᠮᠢᠳᠤᠷᠠᠯ ᠢᠶᠠᠨ ᠦᠷᠬᠦᠯᠵᠢᠯᠡᠨ ᠬᠢᠭᠰᠡᠭᠡᠷ ᠪᠠᠶᠢᠭ᠎ᠠ ᠬᠤᠷᠴᠢᠨ ᠨᠤᠳᠤᠭ ᠤᠨ ᠤᠯᠠᠮᠵᠢᠯᠠᠯᠳᠤ ᠤᠨᠳᠤᠷᠤᠯ | ᠤᠨ ᠬᠡᠪ ᠵᠠᠭᠪᠤᠷ ᠪᠤᠯᠵᠤ ᠪᠠᠶᠢᠳᠠᠭ᠃ ᠲᠤᠰ ᠨᠤᠳᠤᠭ ᠤᠷᠤᠨ ᠪᠤᠯ ︽ᠵᠠᠰᠠᠭᠳᠤ ᠴᠠᠭᠠᠨ ᠠᠳᠤᠭᠤᠨ︾ ᠤ ᠨᠤᠳᠤᠭ | ᠪᠠᠶᠢᠵᠤ᠂ ︽ᠵᠠᠰᠠᠭᠳᠤ ᠬᠤᠪᠴᠠᠰᠤ ᠵᠠᠰᠠᠯ ᠤᠨ ᠦᠯᠦᠭᠡᠢ︾ ᠪᠦᠭᠡᠳ ︽ᠬᠢᠩᠭᠠᠨ ᠤ ᠲᠠᠯ᠎ᠠ ᠨᠤᠳᠤᠭ ᠤᠨ ᠨᠠᠶᠢᠷ | ᠨᠠᠭᠠᠳᠤᠮ ᠤᠨ ᠲᠥᠪ︾ ᠪᠤᠯᠵᠤ ᠪᠠᠶᠢᠳᠠᠭ᠃ ᠡ᠊ᠨᠳᠡ ᠵᠢᠯ ᠪᠤᠯᠭᠠᠨ ᠲᠦᠷᠪᠡᠨ ᠤᠯᠠᠷᠢᠯ ᠤᠨ ᠮᠠᠯ ᠠᠵᠤ ᠠᠬᠤᠢ ᠶᠢᠨ | ᠵᠤᠭᠠᠴᠠᠯ ᠤᠨ ᠵᠢᠭᠤᠯᠴᠢᠳ ᠬᠤᠷᠠᠨ᠂ ︽ᠪᠤᠬᠢᠷᠳᠤᠯ ᠦᠭᠡᠢ ᠴᠠᠭᠠᠨ ᠢᠳᠡᠭᠡᠨ︾᠂ ︽ᠪᠠᠶᠢᠭᠠᠯᠢᠯᠢᠭ ᠤᠯᠠᠭᠠᠨ | ᠢᠳᠡᠭᠡᠨ︾ ᠤ ᠲᠠᠯ᠎ᠠ ᠪᠠᠷ ᠬᠤᠯᠠ ᠤᠶᠢᠷ᠎ᠠ ᠳᠠᠭᠠᠨ ᠠᠯᠳᠠᠷᠰᠢᠵᠤ ᠪᠠᠶᠢᠳᠠᠭ᠃ | |