ᠪᠠᠶᠠᠵᠢᠯ ᠤᠨ ᠴᠤᠤᠷᠢᠶ᠎ᠠ ᠶᠢ ᠬᠠᠩᠬᠢᠨᠠᠭᠤᠯᠵᠦ ᠪᠠᠳᠠᠷᠠᠯ ᠤᠨ ᠠᠶᠠᠰ ᠢ ᠴᠢᠪᠬᠠᠳᠠᠨ᠎ᠠ
ᠨᠡᠶᠢᠲᠡᠯᠡᠭᠰᠡᠨ ᠴᠠᠭ᠄
2024/11/6
      ᠤᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠪᠤᠷᠭᠠᠰᠤᠳᠠᠢ ᠰᠢᠶᠠᠩ ᠤᠨ ᠱᠦᠢ ᠺᠦ᠋ ᠲᠤᠰᠬᠤᠨ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠬᠦ ᠪᠠᠷ ᠬᠠᠷᠠᠯᠳᠠ ᠪᠤᠯᠭᠠᠨ᠂ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠬᠦ᠂ ᠠᠵᠢᠯ ᠤᠯᠭᠤᠯᠳᠠ ᠶᠢ ᠠᠬᠢᠭᠤᠯᠬᠤ ᠲᠠᠯ᠎ᠠ ᠪᠠᠷ ᠬᠦᠴᠤᠯᠡᠵᠤ ᠂ ᠤᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠭᠦᠯᠵᠦ ᠪᠤᠢ᠃     ᠬᠦᠷᠢᠶ᠎ᠠ ᠬᠠᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠬᠤᠯᠪᠤᠭᠠᠳᠤ ᠬᠤᠷᠰᠢᠶ᠎ᠠ ᠨᠢ ᠪᠤᠷᠭᠠᠰᠤᠳᠠᠢ ᠰᠢᠶᠠᠩ ᠤᠨ ᠱᠦᠢ ᠺᠦ᠋ ᠲᠤᠰᠬᠤᠨ ᠤ ᠠᠭᠤᠳᠠᠮ ᠲᠠᠯᠠᠪᠠᠢ ᠳᠤ ᠤᠯᠠᠨ ᠲᠦᠮᠡᠨ ᠢ ᠴᠤᠬᠯᠠᠭᠤᠯᠤᠨ ᠬᠡᠳᠤᠨ ᠰᠠᠷ᠎ᠠ ᠶᠢᠨ ᠡᠮᠤᠨ᠎ᠠ ᠲᠤᠰᠬᠤᠨ ᠤ ᠠᠷᠠᠳ ᠲᠤ ᠰᠦᠢᠳᠭᠡᠯ ᠠᠪᠬᠤ ᠦᠭᠡᠢ ᠪᠠᠷ ᠬᠤᠪᠢᠶᠠᠵᠦ ᠦᠭᠬᠦᠭᠰᠡᠨ ᠭᠠᠯᠠᠭᠤ ᠪᠠᠨ ᠲᠤᠭᠳᠠᠭᠰᠠᠨ ᠦᠨ᠎ᠡ ᠪᠠᠷ ᠬᠤᠳᠠᠯᠳᠤᠨ ᠠᠪᠴᠦ ᠪᠠᠶᠢᠯ᠎ᠠ᠃ ᠬᠤᠳᠠᠯᠳᠤᠨ ᠠᠪᠬᠤ ᠴᠡᠭ ᠲᠤ 30 ᠭᠠᠯᠠᠭᠤ ᠪᠠᠨ ᠬᠦᠷᠭᠡᠭᠰᠡᠨ ᠲᠤᠰᠬᠤᠨ ᠤ ᠲᠠᠷᠢᠶᠠᠴᠢᠨ ᠸᠠᠩ ᠯᠢ ᠬᠤᠩ᠄ ︽ᠬᠤᠷᠰᠢᠶ᠎ᠠ ᠠᠴᠠ ᠪᠢᠳᠠᠨ ᠳᠤ 30 ᠭᠠᠯᠠᠭᠤᠨ ᠴᠤᠷᠪᠠᠭ᠎ᠠ ᠦᠭᠴᠠᠢ᠂ ᠤᠳᠤ ᠵᠢᠩ ᠪᠦᠷᠢ ᠶᠢ 12 ᠲᠦᠬᠦᠷᠢᠭ ᠢᠶᠠᠷ ᠬᠤᠳᠠᠯᠳᠤᠨ ᠠᠪᠴᠤ ᠪᠤᠢ᠂ ᠦᠪᠠᠷ ᠤᠨ ᠦᠷᠳᠡᠭ ᠢ ᠭᠠᠷᠭᠠᠪᠠᠯ 1000 ᠭᠠᠷᠤᠢ ᠲᠦᠬᠦᠷᠢᠭ ᠤᠯᠵᠤ ᠴᠢᠳᠠᠨ᠎ᠠ︾ ᠭᠡᠪᠠ᠃     ᠪᠤᠷᠭᠠᠰᠤᠳᠠᠢ ᠰᠢᠶᠠᠩ ᠤᠨ ᠱᠦᠢ ᠺᠦ᠋ ᠲᠤᠰᠬᠤᠨ ᠬᠦᠷᠢᠶ᠎ᠠ ᠬᠠᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠬᠤᠯᠪᠤᠭᠠᠳᠤ ᠬᠤᠷᠰᠢᠶ᠎ᠠ ᠳᠤ ᠲᠦᠰᠢᠭᠯᠡᠨ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠥᠭᠰᠡᠨ ᠢᠶᠠᠷ ᠪᠠᠷᠠᠬᠤ ᠦᠭᠡᠢ ᠭᠠᠵᠠᠷ ᠰᠢᠷᠤᠢ ᠶᠢ ᠰᠢᠯᠵᠢᠬᠦᠯᠦᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠤᠯ᠎ᠠ᠃ ᠡ᠊ᠨᠠ ᠵᠢᠯ ᠲᠤᠰᠬᠤᠨ ᠤ ᠨᠠᠮ ᠤᠨ ᠡᠬᠦᠷ ᠤᠨ ᠴᠢᠷᠮᠠᠶᠢᠯᠭ᠎ᠠ ᠪᠠᠷ ᠱᠦᠢ ᠺᠦ᠋ ᠲᠤᠰᠬᠤᠨ ᠲᠠᠷᠢᠶ᠎ᠠ ᠪᠠᠨ ᠪᠦᠬᠦᠨ ᠢ ᠬᠠᠮᠳᠤ ᠨᠡᠶᠢᠳᠠ ᠶᠢᠨ ᠬᠤᠪᠢ ᠤᠷᠤᠭᠤᠯᠤᠭᠰᠠᠨ ᠠᠵᠤ ᠠᠬᠤᠢ ᠶᠢᠨ ᠬᠤᠷᠰᠢᠶ᠎ᠠ ᠳᠤ ᠰᠢᠯᠵᠢᠬᠦᠯᠤᠨ᠂ ᠲᠠᠬᠢᠨ ᠭᠤᠷᠪᠠᠳᠤᠭᠠᠷ ᠲᠠᠯ᠎ᠠ ᠶᠢᠨ ᠺᠤᠮᠫᠠᠨᠢ ᠪᠠᠷ ᠡᠵᠡᠩᠨᠡᠬᠦᠯᠦᠨ ᠬᠠᠮᠢᠶᠠᠷᠤᠭᠤᠯᠵᠤ᠂ ᠮᠤ᠋ ᠪᠦᠷᠢ ᠶᠢᠨ ᠰᠢᠯᠵᠢᠬᠦᠯᠬᠦ ᠦᠨ᠎ᠠ ᠦᠷᠳᠡᠭ ᠢ ᠤᠤᠯ ᠤᠨ ᠬᠢ ᠠᠴᠠ 200 ᠭᠠᠷᠤᠢ ᠲᠦᠬᠦᠷᠢᠭ ᠨᠡᠮᠡᠭᠳᠡᠭᠦᠯᠵᠠᠢ᠃ ᠲᠠᠷᠢᠶᠠᠴᠢᠳ ᠪᠠᠰᠠ ᠲᠠᠷᠢᠶ᠎ᠠ ᠶᠢ ᠡᠵᠡᠩᠨᠡᠨ ᠬᠠᠮᠢᠶᠠᠷᠬᠤ ᠺᠤᠮᠫᠠᠨᠢ ᠳᠤ ᠤᠷᠳᠤ ᠬᠤᠭᠤᠴᠠᠭ᠎ᠠ ᠪᠠᠷ ᠠᠵᠢᠯ ᠬᠢᠭᠡᠳ ᠰᠠᠷ᠎ᠠ ᠪᠦᠷᠢ 4000 ᠲᠦᠬᠦᠷᠢᠭ ᠤᠨ ᠴᠠᠯᠢᠩ ᠤᠯᠵᠤ᠂ ᠤᠷᠤᠯᠭ᠎ᠠ ᠪᠠᠨ ᠨᠢᠳᠤᠨᠤᠨ ᠵᠢᠯ ᠠᠴᠠ 3 ᠲᠦᠮᠠ ᠭᠠᠷᠤᠢ ᠲᠦᠬᠦᠷᠢᠭ ᠨᠡᠮᠡᠭᠳᠡᠭᠦᠯᠪᠡ᠃      ᠱᠦᠢ ᠺᠦ᠋ ᠲᠤᠰᠬᠤᠨ ᠤ ᠲᠠᠷᠢᠶᠠᠴᠢᠨ ᠯᠢ ᠭᠤᠸᠠᠩ ᠴᠧᠩ᠄ ︽ᠮᠠᠨ ᠤ ᠬᠢᠨ 100 ᠭᠠᠷᠤᠢ ᠮᠤ᠋ ᠲᠠᠷᠢᠶ᠎ᠠ ᠪᠠᠨ ᠪᠦᠬᠦᠨ ᠢ ᠰᠢᠯᠵᠢᠬᠦᠯᠪᠡ᠂ ᠪᠢ ᠪᠠᠰᠠ ᠲᠠᠷᠢᠶ᠎ᠠ ᠶᠢ ᠡᠵᠡᠩᠨᠠᠨ ᠬᠠᠮᠢᠶᠠᠷᠬᠤ ᠺᠤᠮᠫᠠᠨᠢ ᠳᠤ ᠠᠵᠢᠯᠯᠠᠭᠠᠳ ᠰᠠᠷ᠎ᠠ ᠪᠦᠷᠢ 4000 ᠭᠠᠷᠤᠢ ᠲᠦᠬᠦᠷᠢᠭ ᠤᠯᠵᠤ ᠪᠤᠢ︾ ᠭᠡᠵᠤ ᠪᠠᠶᠠᠷᠳᠠᠢ ᠶᠠᠷᠢᠨ᠎ᠠ᠃      ᠪᠤᠷᠭᠠᠰᠳᠠᠢ ᠰᠢᠶᠠᠩ ᠤᠨ ᠱᠦᠢ ᠺᠦ᠋ ᠲᠤᠰᠬᠤᠨ ᠤ ᠨᠠᠮ ᠤᠨ ᠡᠬᠦᠷ ᠤᠨ ᠱᠦᠵᠢ ᠼᠦᠢ ᠪᠤᠤ ᠴᠢᠣᠸᠠᠨ᠄ ︽ᠡ᠊ᠨᠠ ᠵᠢᠯ ᠮᠠᠨ ᠤ ᠲᠤᠰᠬᠤᠨ ᠲᠠᠷᠢᠶ᠎ᠠ ᠶᠢ ᠰᠢᠯᠵᠢᠭᠦᠯᠦᠭᠡᠳ ᠮᠣ᠋ ᠪᠦᠷᠢ ᠠᠴᠠ 300 ᠭᠠᠷᠤᠢ ᠲᠦᠬᠦᠷᠢᠭ ᠤᠯᠵᠤ᠂ ᠪᠦᠬᠦ ᠲᠤᠰᠬᠤᠨ ᠤ 300 ᠭᠠᠷᠤᠢ ᠡᠷᠤᠬᠡ ᠶᠢ ᠵᠤᠬᠢᠶᠠᠨ ᠪᠠᠶᠢᠭᠤᠯᠤᠨ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠭᠦᠯᠵᠦ᠂ 260 ᠭᠠᠷᠤᠢ ᠬᠦᠮᠦᠨ ᠳᠤ ᠠᠵᠢᠯ ᠤᠯᠭᠤᠪᠠ︾ ᠭᠡᠵᠤ ᠲᠠᠨᠢᠯᠴᠠᠭᠤᠯᠤᠨ᠎ᠠ᠃               · ᠴᠢᠣᠸᠠᠨ ᠱᠠᠨ ᠵᠠᠩ ᠵᠢᠩ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号