| ᠲᠡᠳᠡᠭᠡᠷ ᠤᠨᠳᠠᠯᠭ᠎ᠠ ᠳᠤ ᠳᠤᠰᠠᠳᠠᠢ ᠦᠢᠯᠡᠳᠬᠦᠨ ᠨᠢ ᠦᠨᠡᠬᠡᠷ ᠦᠢᠯᠡᠳᠦᠯ ᠲᠠᠢ ᠭᠡᠵᠦ ᠤᠤ︖ | ︽ᠲᠧᠯᠠᠲ᠋ᠤᠨᠢᠨ ᠬᠤᠷᠮᠤᠨ ᠢᠶᠠᠷ ᠵᠢᠱᠢᠶᠡᠯᠡᠪᠡᠯ᠂ ᠲᠡᠷᠡ ᠨᠢ ᠤᠨᠲᠠᠬᠤ ᠦᠶᠡᠯᠡᠯ ᠤᠨ ᠬᠤᠭᠤᠴᠠᠭ᠎ᠠ ᠶᠢ | ᠦᠨᠡᠬᠡᠷ ᠲᠣᠬᠢᠷᠠᠭᠤᠯᠵᠤ ᠴᠢᠳᠠᠨ᠎ᠠ᠂ ᠭᠡᠪᠡᠴᠦ ᠤᠷᠲᠤ ᠬᠤᠭᠤᠴᠠᠭ᠎ᠠ ᠪᠠᠷ ᠰᠥᠨᠢᠵᠢᠨ ᠰᠠᠭᠤᠭᠰᠠᠨ ᠠᠴᠠ ᠪᠣᠯᠵᠤ | ᠲᠧᠯᠠᠲ᠋ᠤᠨᠢᠨ ᠬᠤᠷᠮᠤᠨ ᠤ ᠰᠢᠭᠦᠷᠡᠯᠲᠡ ᠰᠠᠮᠠᠭᠤᠷᠠᠬᠰᠠᠨ ᠬᠥᠮᠥᠰ ᠪᠤᠶᠤ ᠴᠠᠭ ᠤᠨ ᠵᠥᠷᠢᠶ᠎ᠡ ᠪᠠᠨ ᠠᠯᠳᠠᠭᠰᠠᠨ | ᠬᠥᠮᠥᠰ ᠲᠤ ᠨᠡᠩ ᠲᠣᠬᠢᠷᠠᠮᠵᠢᠲᠠᠢ ᠪᠠᠶᠢᠵᠤ ᠮᠡᠳᠡᠨ᠎ᠡ︾ ᠭᠡᠵᠦ ᠯᠦ ᠯᠢᠨ ᠢᠯᠡᠷᠬᠡᠶᠢᠯᠡᠵᠠᠢ᠂ ᠲᠡᠷᠡ ᠪᠠᠰᠠ | ᠤᠨᠲᠠᠭᠤᠯᠬᠤ ᠪᠦᠲᠦᠭᠡᠭᠳᠡᠬᠦᠨ ᠤ ᠦᠢᠯᠡᠳᠦᠯ ᠨᠢ ᠶᠡᠷᠦᠳᠡᠭᠡᠨ ᠬᠦᠮᠦᠨ ᠪᠤᠯᠭᠠᠨ ᠳᠤ ᠠᠳᠠᠯᠢ ᠪᠤᠰᠤ ᠪᠠᠶᠢᠳᠠᠭ᠂ | ᠵᠢᠱᠢᠶᠡᠯᠡᠪᠡᠯ ᠳᠠᠷᠤᠯᠲᠠ᠂ ᠵᠣᠪᠠᠨᠢᠯ ᠠᠴᠠ ᠪᠣᠯᠵᠤ ᠨᠦᠢᠷ ᠬᠤᠯᠵᠢᠬᠤ ᠳᠤ ᠭᠦᠷᠪᠡᠯ᠂ ᠲᠧᠯᠠᠲ᠋ᠤᠨᠢᠨ ᠬᠤᠷᠮᠤᠨ | ᠤᠤᠭᠤᠬᠰᠠᠨ ᠴᠦ ᠦᠢᠯᠡᠳᠦᠯ ᠨᠢ ᠲᠡᠶᠢᠮᠦ ᠶᠡᠭᠡ ᠪᠢᠰᠢ ᠪᠠᠶᠢᠳᠠᠭ᠃ ᠡᠭᠦᠨ ᠤ ᠬᠠᠮᠲᠤ᠂ ᠵᠠᠬ᠎ᠠ ᠳᠡᠯᠭᠡᠭᠦᠷ ᠳᠡᠭᠡᠷᠡᠬᠢ | ᠣᠯᠠᠩᠬᠢ ᠤᠨᠲᠠᠯᠭ᠎ᠠ ᠶᠢᠨ ᠬᠡᠮᠵᠢᠭᠦᠷᠯᠢᠭ ᠤᠨ ᠭᠤᠣᠯ ᠦᠢᠯᠡᠳᠦᠯ ᠤᠨ ᠤᠭ ᠶᠣᠰᠣ ᠨᠢ ᠪᠢᠴᠢᠯ ᠴᠠᠬᠢᠯᠭᠠᠨ | ᠭᠦᠶᠦᠳᠡᠯ ᠤᠨ ᠰᠡᠳᠦᠯᠲᠡ ᠪᠠᠶᠢᠵᠤ᠂ ᠦᠷ᠎ᠡ ᠳ᠋ᠦᠩ ᠨᠢ ᠬᠠᠷᠠᠬᠠᠨ ᠲᠣᠳᠣᠷᠬᠠᠢ ᠦᠭᠡᠢ ᠪᠠᠶᠢᠭᠰᠠᠭᠠᠷ᠂ ᠵᠢᠷᠮᠦᠰᠦᠨ | ᠡᠮᠡᠭᠲᠡᠢ ᠪᠠ ᠵᠢᠷᠦᠬᠡᠨ ᠯᠤᠭᠰᠢᠯᠲᠠ ᠶᠢᠨ ᠡᠭᠦᠰᠭᠡᠭᠦᠷ ᠬᠢᠭᠰᠡᠨ ᠵᠡᠷᠭᠡ ᠬᠦᠮᠦᠰ ᠲᠤ ᠴᠦ ᠬᠡᠷᠡᠭᠯᠡᠬᠦ ᠨᠢ ᠵᠤᠬᠢᠰ ᠦᠭᠡᠢ | ᠭᠡᠵᠡᠢ᠃ | ᠰᠡᠷᠢᠭᠰᠡᠨ ᠤ ᠪᠠᠨ ᠳᠠᠷᠠᠭ᠎ᠠ ᠥᠴᠥᠭᠡᠳᠦᠷ ᠰᠦᠨᠢ ᠶᠢᠨ ᠢᠶᠠᠨ ᠤᠨᠲᠠᠯᠭ᠎ᠠ ᠶᠢᠨ ᠲᠤᠭ᠎ᠠ ᠪᠠᠷᠢᠮᠲᠠ ᠶᠢ | ᠬᠠᠷᠠᠬᠤ ᠨᠢ ᠨᠢᠭᠡᠨᠳᠡ ᠮᠠᠰᠢ ᠤᠯᠠᠨ ᠬᠦᠮᠦᠰ ᠤᠨ ᠳᠠᠳᠬᠠᠯ ᠪᠤᠯᠤᠬᠰᠠᠨ ᠪᠠᠶᠢᠨ᠎ᠠ᠃ | ᠡᠮᠦᠰᠴᠦ ᠵᠡᠭᠦᠬᠦ ᠮᠠᠶ᠋ᠢᠭ ᠤᠨ ᠤᠨᠲᠠᠯᠭ᠎ᠠ ᠶᠢ ᠬᠢᠨᠠᠨ ᠬᠡᠮᠵᠢᠬᠦ ᠲᠥᠬᠦᠭᠡᠷᠦᠮᠵᠢ ᠨᠢ ᠤᠨᠲᠠᠯᠭ᠎ᠠ ᠶᠢᠨ ᠪᠠᠶᠢᠳᠠᠯ ᠢ | ᠣᠶᠢᠯᠠᠭᠠᠬᠤ ᠳᠤ ᠬᠠᠪᠰᠤᠷᠤᠮᠵᠢ ᠪᠣᠯᠵᠤ᠂ ᠤᠨᠲᠠᠯᠭ᠎ᠠ ᠶᠢᠨ ᠲᠤᠬᠠᠢ ᠥᠪᠡᠷᠮᠢᠴᠡ ᠰᠠᠨᠠᠭᠤᠯᠭ᠎ᠠ ᠬᠠᠩᠭᠠᠵᠤ ᠪᠣᠯᠣᠨ᠎ᠠ᠂ | ᠭᠡᠪᠡᠴᠦ ᠡᠮᠴᠢᠯᠡᠭᠡᠨ ᠳᠤ ᠬᠡᠷᠡᠭᠯᠡᠬᠦ ᠣᠯᠠᠨ ᠳᠠᠮᠵᠢᠭᠤᠯᠤᠭᠴᠢ ᠶᠢᠨ ᠤᠨᠲᠠᠯᠭ᠎ᠠ ᠶᠢ ᠬᠢᠨᠠᠨ ᠬᠡᠮᠵᠢᠬᠦ | ᠲᠥᠬᠦᠭᠡᠷᠦᠮᠵᠢ ᠲᠠᠢ ᠠᠳᠠᠯᠢᠳᠬᠠᠪᠠᠯ᠂ ᠲᠡᠭᠦᠨ ᠤ ᠮᠡᠷᠭᠡᠵᠢᠯ ᠪᠠ ᠪᠤᠳᠤᠬᠤ ᠠᠷᠭ᠎ᠠ ᠨᠢ ᠣᠳᠣᠬᠠᠨ ᠳᠤ ᠬᠠᠷᠠᠬᠠᠨ | ᠪᠦᠷᠢᠡᠰᠢᠬᠡ ᠦᠭᠡᠢ ᠤᠴᠢᠷ ᠠᠴᠠ ᠪᠦᠷᠢᠮᠦᠰᠦᠨ ᠢᠳᠡᠭᠡᠵᠦ ᠪᠤᠯᠬᠤ ᠦᠭᠡᠢ ᠭᠡᠵᠦ ᠯᠦ ᠯᠢᠨ ᠲᠠᠨᠢᠯᠴᠠᠭᠤᠯᠤᠯ᠎ᠠ᠃ | ᠪᠡᠭᠡᠵᠢᠩ ᠶᠡᠭᠡ ᠰᠤᠷᠭᠠᠭᠤᠯᠢ ᠶᠢᠨ ᠤᠨᠲᠠᠯᠭ᠎ᠠ ᠶᠢᠨ ᠰᠤᠳᠤᠯᠭᠠᠨ ᠤ ᠲᠥᠪ ᠤᠨ ᠡᠷᠬᠢᠯᠡᠭᠴᠢ ᠬᠠᠨ ᠹᠠᠩ ᠠᠴᠠ | ᠤᠨᠲᠠᠭᠤᠯᠬᠤ ᠦᠢᠯᠡᠳᠬᠦᠨ ᠤ ᠭᠦᠢᠴᠡᠳᠬᠡᠯ ᠲᠤᠭ᠎ᠠ ᠪᠣᠯᠣᠨ ᠪᠣᠯᠵᠣᠯᠲᠤ ᠲᠤᠭ᠎ᠠ ᠳᠤ ᠬᠡᠲᠦᠷᠬᠡᠢ ᠲᠦᠰᠢᠭᠯᠡᠬᠦ ᠬᠡᠷᠡᠭ | ᠦᠭᠡᠢ᠂ ᠦᠷᠯᠦᠬᠡ ᠪᠤᠰᠤᠭᠠᠳ ᠡᠷᠴᠢ ᠬᠦᠴᠦ ᠤᠷᠬᠢᠯᠤᠮ᠎ᠠ ᠪᠠᠶᠢᠪᠠᠯ ᠳᠠᠷᠤᠢ ᠰᠠᠶᠢᠨ ᠤᠨᠳᠠᠬᠰᠠᠨ ᠳᠤ | ᠲᠤᠭᠠᠴᠠᠬᠳᠠᠨ᠎ᠠ ᠭᠡᠵᠦ ᠪᠠᠶᠢᠯ᠎ᠠ᠃ | ᠠᠶᠢᠫᠤᠰ ᠯᠠᠪᠯᠠᠯᠲᠠ ᠶᠢᠨ ᠨᠡᠶᠢᠲᠡᠯᠡᠭᠰᠡᠨ ︽ᠤᠨᠲᠠᠭᠤᠯᠬᠤ ᠦᠢᠯᠡᠳᠬᠦᠨ ᠤ ᠵᠠᠬ᠎ᠠ ᠳᠡᠯᠭᠡᠭᠦᠷ ᠤᠨ ᠬᠥᠭᠵᠢᠯᠲᠡ | ᠵᠢᠴᠢ ᠬᠡᠷᠡᠭᠯᠡᠭᠡᠨ ᠤ ᠬᠠᠨᠳᠤᠰᠢ ᠶᠢᠨ ᠲᠤᠬᠠᠢ ᠠᠵᠢᠭᠯᠠᠯᠲᠠ ᠮᠡᠳᠡᠭᠦᠯᠦᠯᠲᠡ︾ ᠳᠤ ᠵᠢᠭᠠᠵᠤ ᠭᠠᠷᠭᠠᠭᠰᠠᠨ ᠢᠶᠠᠷ᠂ | ᠣᠳᠣᠬᠠᠨ ᠳᠤ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ ᠠᠵᠢᠯ ᠲᠥᠷᠥᠯ ᠤᠨ ᠬᠥᠭᠵᠢᠯᠲᠡ | ᠨᠡᠯᠢᠶᠡᠳ ᠲᠠᠷᠠᠬᠠᠢ ᠪᠤᠲᠠᠷᠬᠠᠢ ᠪᠠᠶᠢᠵᠤ᠂ ᠭᠡᠷ ᠤᠨ ᠬᠡᠷᠡᠭᠰᠡᠯ᠂ ᠢᠳᠡᠭᠡᠨ ᠤ ᠵᠦᠢᠯ᠂ ᠰᠢᠨᠵᠢᠯᠡᠭᠡ ᠮᠡᠷᠭᠡᠵᠢᠯ᠂ | ᠢᠨᠲ᠋ᠧᠷ ᠰᠦᠯᠵᠢᠶ᠎ᠡ ᠵᠡᠷᠭᠡ ᠡᠯ᠎ᠡ ᠲᠥᠷᠥᠯ ᠤᠨ ᠠᠵᠤ ᠠᠬᠤᠶᠢᠯᠠᠯ ᠳᠤ ᠴᠥᠮ ᠬᠤᠯᠪᠣᠭᠳᠠᠵᠤ ᠪᠠᠶᠢᠨ᠎ᠠ᠃ | ᠬᠤᠳᠠᠯᠳᠤᠭᠠᠴᠢᠳ ᠪᠦᠲᠦᠭᠡᠭᠳᠡᠬᠦᠨ ᠤ ᠪᠠᠨ ᠶᠠᠰᠤ ᠴᠢᠨᠠᠷ ᠦᠢᠯᠡᠳᠦᠯ ᠢ ᠪᠠᠲᠤᠯᠠᠬᠤ ᠶᠢᠨ ᠬᠠᠮᠲᠤ ᠥᠰᠬᠡᠭᠡᠨ | ᠳᠥᠰᠬᠡᠭᠡᠨ ᠲᠠᠢ ᠤᠬᠠᠭᠤᠯᠬᠤ ᠶᠢ ᠲᠡᠪᠴᠢᠵᠦ᠂ ᠪᠠᠷᠠᠭᠠᠨ ᠤ ᠦᠨ᠎ᠡ ᠶᠢ ᠬᠤᠳᠠᠯ ᠢᠶᠠᠷ ᠥᠰᠬᠡᠵᠦ᠂ | ᠬᠡᠷᠡᠭᠯᠡᠭᠴᠢᠳ ᠲᠤ ᠢᠲᠡᠭᠡᠯ ᠤᠨ ᠬᠢᠮᠤᠷᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ ᠭᠡᠪᠡ᠃ | ᠵᠢᠱᠢᠭᠰᠡᠨ ᠢᠶᠠᠷ᠂ 2030 ᠣᠨ ᠪᠣᠯᠬᠤ ᠳᠤ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ | ᠪᠦᠬᠦ᠋ᠢᠯᠡ ᠵᠠᠬ᠎ᠠ ᠳᠡᠯᠭᠡᠭᠦᠷ ᠤᠨ ᠬᠡᠪᠴᠢᠶ᠎ᠡ ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠮᠵᠢ ᠲᠠᠢ᠃ | ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ | ᠬᠤᠸᠠᠩ ᡁᠢ ᠯᠢ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠢᠷᠡᠭᠡᠳᠦᠢ ᠶᠢᠨ | ᠤᠨᠲᠠᠯᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠴᠢᠭᠯᠡᠯ ᠪᠣᠯᠣᠨ᠎ᠠ ᠭᠡᠵᠦ ᠢᠯᠡᠷᠬᠡᠶᠢᠯᠡᠨ᠂ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠲᠠᠭᠠᠯᠳᠤᠨ ᠤᠨᠲᠠᠭᠤᠯᠬᠤ ᠦᠢᠯᠡᠳᠬᠦᠨ ᠡᠳᠦᠷ ᠠᠴᠠ | ᠡᠳᠦᠷ ᠰᠢᠨᠡᠳᠦᠨ ᠬᠤᠪᠢᠷᠠᠵᠤ ᠪᠠᠶᠢᠨ᠎ᠠ᠂ ᠬᠡᠷᠬᠢᠨ AI ᠵᠡᠷᠭᠡ ᠰᠢᠨ᠎ᠡ ᠮᠡᠷᠭᠡᠵᠢᠯ ᠢ ᠠᠰᠢᠭᠯᠠᠨ ᠳᠠᠭᠤ᠂ ᠭᠡᠷᠡᠯ᠂ | ᠴᠠᠬᠢᠯᠭᠠᠨ᠂ ᠰᠣᠷᠢᠨᠵᠢᠨ᠂ ᠳᠣᠷᠭᠢᠭᠤᠯᠤᠯᠲᠠ᠂ ᠳᠤᠯᠠᠭᠠᠨ ᠤ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠵᠡᠷᠭᠡ | ᠵᠢᠷᠤᠮᠯᠠᠯ ᠢᠶᠠᠷ ᠳᠠᠮᠵᠢᠭᠤᠯᠤᠨ ᠤᠨᠲᠠᠯᠭ᠎ᠠ ᠶᠢ ᠰᠠᠶᠢᠵᠢᠷᠠᠭᠤᠯᠬᠤ ᠪᠤᠶ ᠭᠡᠳᠡᠭ ᠪᠣᠯ ᠢᠷᠡᠭᠡᠳᠦᠢ ᠶᠢᠨ ᠬᠦᠰᠡᠯ ᠪᠠᠷᠠᠯᠠᠯ | ᠮᠦᠨ︾ ᠭᠡᠵᠠᠢ᠃ | ᠤᠨᠲᠠᠯᠭ᠎ᠠ ᠳᠤ ᠵᠥᠪ ᠲᠠᠨᠢᠯᠲᠠ ᠲᠠᠢ ᠪᠠᠶᠢᠬᠤ ᠬᠡᠷᠡᠭᠲᠡᠢ | ᠰᠠᠶᠢᠨ ᠳᠠᠳᠬᠠᠯ ᠲᠠᠢ ᠪᠤᠯᠬᠤ ᠨᠢ ᠰᠠᠶᠢᠨ ᠵᠡᠬᠦᠳᠦ ᠶᠢᠨ ᠡᠬᠢᠯᠡᠯ ᠪᠠᠶᠢᠵᠤ ᠮᠡᠳᠡᠨ᠎ᠡ᠃ ᠡᠳᠦᠷ ᠲᠡᠭᠡᠨ | ᠳᠠᠩᠴᠤ ᠶᠠᠭᠠᠷᠠᠤ ᠪᠤᠯᠬᠤᠷ ᠰᠦᠨᠢ ᠶᠢᠨ ᠴᠠᠬ ᠢᠶᠠᠨ ᠠᠰᠢᠬᠯᠠᠨ ᠭᠠᠷ ᠤᠳᠠᠰᠤ ᠤᠷᠤᠯᠳᠤᠬᠤ ᠨᠢ ᠮᠠᠰᠢ ᠤᠯᠠᠨ | ᠵᠠᠯᠠᠭᠤᠴᠤᠳ ᠤᠨ ᠳᠠᠳᠬᠠᠯ ᠪᠤᠯᠵᠠᠢ᠃ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠥᠪᠡᠷ ᠲᠡᠭᠡᠨ ᠰᠦᠯᠵᠢᠶᠡᠨ | ᠰᠢᠨᠤᠯ ᠢᠶᠠᠨ ᠲᠠᠶᠠᠬᠳᠠᠬᠤ ᠠᠴᠠ ᠭᠠᠳᠠᠨ᠎ᠠ᠂ ᠬᠦᠳᠡᠯᠮᠦᠷᠢᠴᠢᠳ ᠤᠨ ᠡᠳᠦᠷ ᠳᠤᠳᠤᠮ ᠤᠨ ᠳᠠᠷᠤᠭᠠᠰᠤ ᠶᠢ | ᠬᠦᠩᠬᠡᠷᠡᠬᠦᠯᠵᠦ᠂ ᠬᠦᠢᠴᠡᠳ ᠠᠮᠠᠷᠠᠬᠤ ᠴᠠᠬ ᠢ ᠪᠠᠳᠤᠯᠠᠬᠤ ᠨᠢ ᠡᠬᠢ ᠡᠬᠦᠰᠦᠯ ᠠᠴᠠ ᠨᠢ ᠤᠨᠳᠠᠬᠤ ᠠᠴᠠ ᠡᠮᠦᠨᠡᠬᠢ | ᠵᠠᠭᠤᠴᠢ ᠬᠡᠷᠡᠭᠯᠡᠬᠦ ᠶᠢ ᠪᠠᠭᠠᠰᠬᠠᠵᠤ ᠴᠢᠳᠠᠨ᠎ᠠ᠃ | ︽ᠳᠤᠮᠳᠠᠳᠤ ᠤᠯᠤᠰ ᠤᠨ ᠤᠨᠲᠠᠯᠭ᠎ᠠ ᠶᠢᠨ ᠲᠤᠬᠠᠢ ᠰᠤᠳᠤᠯᠭᠠᠨ ᠤ ᠮᠡᠳᠡᠭᠦᠯᠦᠯᠲᠡ 2024︾ ᠳᠤ ᠵᠢᠭᠠᠵᠤ | ᠭᠠᠷᠭᠠᠭᠰᠠᠨ ᠢᠶᠠᠷ᠂ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠠᠵᠢᠯᠲᠠᠨ ᠤ ᠠᠵᠢᠯᠯᠠᠬᠤ ᠭᠠᠵᠠᠷ᠂ ᠴᠠᠭ᠂ | ᠠᠷᠭ᠎ᠠ ᠮᠠᠶ᠋ᠢᠭ ᠨᠢ ᠬᠠᠷᠢᠴᠠᠩᠭᠤᠢ ᠪᠠᠷ ᠠᠮᠢᠳᠤᠯᠢᠭ ᠪᠠᠶᠢᠵᠤ᠂ ᠠᠵᠢᠯ ᠪᠠ ᠠᠮᠢᠳᠤᠷᠠᠯ ᠤᠨ ᠵᠠᠭᠠᠭ ᠬᠢᠵᠠᠭᠠᠷ ᠨᠢ | ᠲᠣᠳᠣᠷᠬᠠᠢ ᠦᠭᠡᠢ᠂ ᠤᠨᠲᠠᠯᠭ᠎ᠠ ᠶᠢᠨ ᠪᠠᠶᠢᠳᠠᠯ ᠨᠢ ᠠᠵᠢᠯ ᠤᠨ ᠨᠥᠯᠥᠭᠡ ᠶᠢ ᠨᠠᠩ ᠢᠯᠡᠭᠦᠦ ᠭᠥᠷᠳᠡᠳᠡᠭ᠃ ᠪᠥᠬᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠥᠬᠦ ᠤᠯᠤᠰ ᠤᠨ ᠠᠵᠢᠯᠴᠢᠨ ᠤ ᠶᠡᠷᠦᠩᠬᠡᠢ | ᠡᠪᠯᠡᠯ ᠤᠨ ᠠᠯᠪᠠᠨ ᠲᠢᠩᠬᠢᠮ ᠤᠨ ᠡᠷᠬᠢᠯᠡᠭᠴᠢ ᠯᠢᠦᠢ ᠭᠦᠸᠧ ᠴᠢᠤᠸᠠᠨ ᠰᠠᠨᠠᠭᠤᠯᠬᠤ ᠳᠠᠭᠠᠨ᠂ ︽ᠰᠦᠯᠵᠢᠶᠡᠨ ᠠᠴᠠ | ᠰᠠᠯᠵᠤ ᠠᠮᠠᠷᠠᠬᠤ ᠡᠷᠬᠡ︾ ᠭᠡᠬᠦ ᠤᠬᠠᠭᠳᠠᠬᠤᠨ ᠢ ᠣᠷᠣᠭᠤᠯᠤᠨ ᠠᠪᠴᠢᠷᠠᠵᠤ᠂ ᠬᠥᠳᠡᠯᠮᠦᠷᠢᠴᠢᠳ ᠠᠵᠢᠯᠯᠠᠬᠤ ᠴᠠᠭ | ᠠᠴᠠ ᠭᠠᠳᠠᠨ᠎ᠠ ᠲᠣᠭᠠᠨ ᠤ ᠪᠠᠭᠠᠵᠢ ᠪᠠᠷ ᠳᠠᠮᠵᠢᠭᠤᠯᠤᠨ ᠬᠠᠷᠢᠯᠴᠠᠬᠤ ᠪᠠ ᠠᠵᠢᠯ ᠰᠶᠢᠳᠪᠦᠷᠢᠯᠡᠬᠦ ᠶᠢ ᠲᠡᠪᠴᠢᠵᠦ᠂ | ᠭᠦᠢᠴᠡᠳ ᠠᠮᠠᠷᠠᠬᠤ ᠶᠢ ᠪᠠᠲᠤᠯᠠᠬᠤ ᠡᠷᠬᠡ ᠲᠠᠢ ᠭᠡᠵᠡᠢ᠃ | ᠰᠠᠶᠢᠨ ᠤᠨᠲᠠᠶ᠎ᠠ ᠭᠡᠪᠡᠯ ︽ᠵᠥᠪ ᠠᠵᠢᠯᠯᠠᠭ᠎ᠠ︾ ᠲᠠᠢ ᠪᠠᠶᠢᠬᠤ ᠪᠠᠷ ᠪᠠᠷᠠᠬᠤ ᠦᠭᠡᠢ ᠪᠠᠰᠠ ᠤᠨᠳᠠᠯᠭ᠎ᠠ ᠶᠢᠨ | ᠳᠤᠬᠠᠢ ︽ᠵᠥᠪ ᠲᠠᠨᠢᠯᠲᠠ︾ ᠲᠠᠢ ᠪᠠᠶᠢᠬᠤ ᠬᠡᠷᠡᠭᠳᠡᠢ᠃ ᠨᠦᠢᠷ ᠬᠤᠯᠵᠢᠬᠤ ᠠᠴᠠ ᠠᠶᠤᠵᠤ ᠡᠮᠢᠶᠡᠬᠦ ᠨᠢ | ᠵᠠᠷᠢᠮ ᠳᠠᠭᠠᠨ ᠨᠦᠢᠷ ᠬᠤᠯᠵᠢᠬᠤ ᠠᠴᠠ ᠨᠠᠩ ᠠᠶᠤᠮᠰᠢᠭᠲᠠᠢ᠃ | ︽ᠤᠨᠲᠠᠯᠭ᠎ᠠ ᠶᠢᠨ ᠡᠮᠴᠢ ᠪᠣᠯᠤᠭᠰᠠᠨ ᠤ ᠬᠤᠪᠢ ᠳᠤ ᠪᠢᠳᠡ ᠶᠡᠷᠦ ᠨᠢ ᠨᠦᠢᠷ ᠬᠤᠯᠵᠢᠬᠤ ᠶᠢᠨ ᠬᠤᠣᠷ | ᠬᠥᠨᠥᠭᠡᠯ ᠢ ᠳᠡᠮᠡᠢ ᠴᠢᠬᠤᠯᠠᠴᠢᠯᠠᠬᠤ ᠦᠭᠡᠢ ᠪᠤᠶᠤ ᠶᠡᠬᠡᠰᠬᠡᠳᠡᠭ ᠦᠭᠡᠢ᠂ ᠡᠰᠡ ᠲᠡᠭᠡᠪᠡᠯ ᠡᠪᠡᠳᠴᠢᠲᠡᠨ ᠢ ᠠᠳᠡᠭᠦᠷᠡᠯ | ᠵᠦᠭ ᠬᠦᠳᠦᠯᠵᠦ᠂ ᠲᠡᠳᠡᠨ ᠢᠶᠠᠷ ᠨᠦᠢᠷ ᠬᠤᠯᠵᠢᠬᠤ ᠶᠠᠪᠤᠳᠠᠯ ᠢ ᠲᠠᠰᠤᠷᠠᠯᠲᠠ ᠦᠭᠡᠢ ᠠᠩᠬᠠᠷᠤᠭᠤᠯᠳᠠᠭ ᠮᠥᠷᠲᠡᠭᠡᠨ | ᠨᠦᠢᠷ ᠬᠤᠯᠵᠢᠬᠤ ᠬᠡᠮᠵᠢᠶ᠎ᠡ ᠶᠢ ᠨᠢ ᠬᠦᠨᠳᠦᠷᠡᠭᠦᠯᠳᠡᠭ︾ ᠭᠡᠵᠦ ᠱᠧᠨᠵᠧᠨ ᠬᠤᠲᠠ ᠶᠢᠨ ᠬᠤᠶᠠᠳᠤᠭᠠᠷ ᠠᠷᠠᠳ ᠤᠨ | ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠡᠷᠬᠢᠯᠡᠭᠴᠢ ᠡᠮᠴᠢ ᠸᠠᠩ ᠶᠠᠩ ᠲᠠᠨᠢᠯᠴᠠᠭᠤᠯᠪᠠ᠃ | ᠲᠡᠷᠡ ᠪᠠᠰᠠ ᠤᠨᠲᠠᠯᠭ᠎ᠠ ᠶᠢᠨ ᠲᠤᠬᠠᠢ ᠵᠥᠪ ᠪᠤᠰᠤ ᠲᠠᠨᠢᠯᠲᠠ ᠨᠢ ᠲᠦᠷᠭᠡᠨ ᠴᠢᠨᠠᠷᠲᠠᠢ ᠨᠦᠢᠷ ᠬᠤᠯᠵᠢᠬᠤ ᠶᠢ | ᠣᠷᠳᠣ ᠬᠤᠭᠤᠴᠠᠭ᠎ᠠ ᠪᠠᠷ ᠨᠦᠢᠷ ᠬᠤᠯᠵᠢᠬᠤ ᠪᠣᠯᠭᠠᠵᠤ ᠮᠡᠳᠡᠨ᠎ᠡ᠃ ᠡᠶᠢᠮᠦ ᠠᠴᠠ ᠨᠦᠢᠷ ᠬᠤᠯᠵᠢᠭᠰᠠᠨ | ᠰᠢᠯᠲᠠᠭᠠᠨ ᠤ ᠲᠤᠬᠠᠢ ᠪᠣᠳᠣᠯᠭᠠᠰᠢᠷᠠᠯ ᠠᠴᠠ ᠠᠩᠭᠢᠵᠢᠷᠠᠵᠤ᠂ ᠬᠡᠲᠦᠷᠡᠮᠡᠳᠡᠬᠡᠢ ᠠᠶᠤᠵᠤ ᠵᠤᠪᠠᠭ᠋ᠤ ᠪᠠᠶᠢᠳᠠᠯ | ᠡᠬᠦᠰᠬᠦ ᠠᠴᠠ ᠵᠠᠶᠢᠯᠠᠰᠬᠢᠬᠦ ᠬᠡᠷᠡᠭᠳᠡᠢ᠃ | ︽ᠥᠩᠭᠡᠷᠡᠭᠰᠡᠨ ᠳᠤ ᠮᠠᠰᠢ ᠣᠯᠠᠨ ᠬᠥᠮᠥᠰ ᠤᠨᠲᠠᠬᠤ ᠠᠰᠠᠭᠤᠳᠠᠯ ᠠᠴᠠ ᠵᠠᠶᠢᠯᠠᠳᠠᠭ᠂ ᠪᠠᠶᠠᠷᠯᠠᠭᠤᠰᠢᠲᠠᠢ ᠨᠢ | ᠰᠤᠷᠭᠠᠭᠤᠯᠢ᠂ ᠨᠡᠶᠢᠭᠡᠮ ᠲᠣᠭᠤᠷᠢᠭ ᠤᠨ ᠰᠡᠳᠬᠢᠴᠡ ᠶᠢᠨ ᠯᠠᠪᠯᠠᠯᠲᠠ ᠶᠢᠨ ᠲᠠᠰᠤᠭ ᠤᠨ ᠲᠦᠭᠡᠮᠡᠯᠵᠢᠬᠦ ᠵᠢᠴᠢ | ᠡᠮᠨᠡᠯᠭᠡ ᠶᠢᠨ ᠬᠤᠷᠢᠶᠠᠨ ᠤ ᠤᠨᠲᠠᠯᠭ᠎ᠠ ᠶᠢᠨ ᠡᠭᠦᠳᠡᠨ ᠡᠮᠨᠡᠯᠭᠡ ᠶᠢᠨ ᠪᠤᠢ ᠪᠤᠯᠬᠤ ᠶᠢ ᠳᠠᠭᠠᠯᠳᠤᠨ᠂ ᠤᠨᠲᠠᠯᠭ᠎ᠠ ᠶᠢᠨ | ᠴᠢᠬᠤᠯᠠ ᠴᠢᠨᠠᠷ ᠢ ᠬᠥᠮᠥᠰ ᠤᠯᠠᠮ ᠠᠴᠠ ᠤᠯᠠᠮ ᠲᠠᠨᠢᠵᠤ ᠡᠬᠢᠯᠡᠵᠡᠢ︾ ᠭᠡᠵᠦ ᠯᠦ ᠯᠢᠨ ᠶᠠᠷᠢᠯ᠎ᠠ᠃ ᠬᠦᠨᠳᠦ | ᠨᠣᠴᠢᠲᠠᠢ ᠤᠨᠲᠠᠯᠭ᠎ᠠ ᠶᠢᠨ ᠠᠰᠠᠭᠤᠳᠠᠯ ᠭᠠᠷᠤᠭᠰᠠᠨ ᠡᠪᠡᠳᠴᠢᠲᠡᠨ ᠴᠠᠭ ᠲᠤᠬᠠᠢ ᠳᠤᠨᠢ ᠡᠮᠨᠡᠭᠦᠯᠬᠦ ᠶᠢᠨ ᠬᠠᠮᠲᠤ | ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠰᠠᠶᠢᠨ ᠰᠠᠶᠢᠬᠠᠨ ᠠᠮᠢᠳᠤᠷᠠᠯ ᠤᠨ ᠪᠠ ᠤᠨᠲᠠᠯᠭ᠎ᠠ ᠶᠢᠨ ᠳᠠᠳᠬᠠᠯ ᠢ | ᠪᠣᠶ ᠪᠣᠯᠭᠠᠬᠤ ᠬᠡᠷᠡᠭᠲᠡᠢ᠂ ᠡᠭᠦᠨ ᠳᠤ ᠤᠨᠲᠠᠬᠤ ᠠᠴᠠ ᠪᠠᠨ ᠡᠮᠦᠨ᠎ᠡ ᠰᠠᠨᠠᠭ᠎ᠠ ᠰᠡᠳᠬᠢᠯ ᠢᠶᠠᠨ ᠲᠠᠶᠢᠪᠤᠰᠢᠷᠠᠭᠤᠯᠬᠤ᠂ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠤᠭᠤᠯᠠᠯᠠᠬᠤ᠂ ᠳᠤᠬᠢᠷᠠᠮᠵᠢᠳᠠᠢ ᠬᠥᠳᠡᠯᠭᠡᠭᠡᠨ ᠬᠢᠵᠦ ᠪᠣᠯᠪᠠᠰᠤᠷᠠᠬᠤ ᠵᠡᠷᠭᠡ | ᠪᠠᠭᠲᠠᠨ᠎ᠠ᠃ | ︵︽ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ︾ ᠠᠴᠠ︶ |