ᠡᠮᠦᠨᠡᠳᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠯᠠᠮ ᠠᠴᠠ ᠤᠯᠠᠮ ᠬᠦᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2024/11/8
     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠳᠤ᠂ ᠲᠣᠰᠬᠤᠨ ᠤ ᠠᠷᠠᠳ ᠸᠠᠩ ᠵᠢᠶᠠ ᠵᠢᠶᠧ ᠴᠠᠭᠠᠨ ᠨᠣᠭᠤᠭ᠎ᠠ ᠶᠢᠨ ᠢᠶᠠᠨ ᠪᠤᠵᠠᠷ ᠡᠪᠡᠰᠦ ᠶᠢ ᠠᠷᠢᠯᠭᠠᠨ ᠶᠠᠭᠠᠷᠠᠵᠤ ᠪᠠᠶᠢᠯ᠎ᠠ᠃ ᠲᠡᠷᠡ᠄ ︽ᠮᠠᠨ ᠤ ᠬᠢᠨ 10 ᠮᠦ ᠲᠠᠷᠢᠶ᠎ᠠ ᠲᠠᠢ᠂ ᠮᠦ ᠪᠦᠷᠢ ᠶᠢ 1000 ᠲᠥᠭᠦᠷᠢᠭ ᠤᠨ ᠦᠨ᠎ᠡ ᠪᠠᠷ ᠬᠦᠷᠢᠶᠡᠯᠡᠩ ᠲᠣᠭᠤᠷᠢᠭ ᠲᠤ ᠳᠠᠭᠠᠭᠠᠴᠢᠯᠠᠭᠤᠯᠪᠠ᠂ ᠳᠠᠭᠠᠭᠠᠴᠢᠯᠠᠯᠲᠠ ᠶᠢᠨ ᠰᠦᠢᠳᠬᠡᠯ ᠨᠢ 1 ᠲᠦᠮᠡᠨ ᠲᠥᠭᠦᠷᠢᠭ᠂ ᠠᠵᠢᠯ ᠲᠠᠢ ᠪᠣᠯᠪᠠᠯ ᠪᠢ ᠡ᠊ᠨᠳᠡ ᠢᠷᠡᠵᠦ ᠠᠵᠢᠯᠯᠠᠭᠠᠳ ᠡᠳᠦᠷ ᠪᠦᠷᠢ 120 ᠲᠥᠭᠦᠷᠢᠭ ᠣᠯᠤᠨ᠎ᠠ᠂ ᠨᠢᠭᠡ ᠵᠢᠯ ᠳᠤ ᠪᠠᠷᠤᠭ 1 ᠲᠦᠮᠡ ᠣᠷᠴᠢᠮ ᠣᠯᠤᠨ᠎ᠠ᠂ ᠥᠩᠭᠡᠷᠡᠭᠰᠡᠨ ᠤ ᠲᠠᠩ ᠭᠠᠭᠴᠠ ᠲᠠᠷᠢᠶ᠎ᠠ ᠲᠠᠷᠢᠭᠰᠠᠨ ᠠᠴᠠ ᠢᠯᠡᠭᠦᠦ 13000 ᠲᠥᠭᠦᠷᠢᠭ ᠣᠯᠤᠨ᠎ᠠ᠂ ᠠᠮᠢᠳᠤᠷᠠᠯ ᠤᠨ ᠨᠥᠬᠦᠴᠡᠯ ᠴᠦ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ︕︾ ᠭᠡᠵᠦ ᠰᠤᠷᠪᠤᠯᠵᠢᠯᠠᠭᠴᠢ ᠳᠤ ᠬᠡᠯᠡᠨ᠎ᠠ᠃    ᠤᠢᠢᠷ᠎ᠠ ᠶᠢᠨ ᠵᠢᠯ ᠤᠨ ᠲᠤᠷᠰᠢ᠂ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠬᠢᠨ ︽ᠠᠵᠤ ᠦᠢᠯᠡᠰ ᠢ ᠬᠥᠭᠵᠢᠭᠦᠯᠵᠦ᠂ ᠠᠵᠢᠯ ᠣᠯᠭᠤᠯᠲᠠ ᠶᠢ ᠲᠠᠶᠢᠴᠢᠯᠠᠨ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ︾ ᠬᠥᠭᠵᠢᠯᠲᠡ ᠶᠢᠨ ᠰᠡᠳᠬᠢᠴᠡ ᠪᠠᠷ ᠭᠤᠣᠯᠳᠠᠭᠤᠯᠵᠤ᠂ ᠭᠠᠵᠠᠷ ᠰᠢᠷᠣᠢ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠦᠨ ᠣᠷᠣᠯᠭ᠎ᠠ ᠶᠢ ᠨᠡᠮᠡᠭᠳᠡᠭᠦᠯᠬᠦ᠂ ᠬᠥᠳᠡᠯᠮᠦᠷᠢ ᠦᠢᠯᠡᠴᠢᠯᠡᠭᠡ ᠪᠠᠷ ᠠᠵᠢᠯ ᠣᠯᠭᠤᠵᠤ ᠣᠷᠣᠯᠭ᠎ᠠ ᠶᠢ ᠨᠡᠮᠡᠭᠳᠡᠭᠦᠯᠬᠦ ᠵᠡᠷᠭᠡ ᠵᠠᠭᠪᠤᠷ ᠢᠶᠠᠷ ᠲᠣᠰᠬᠤᠨ ᠤ ᠠᠷᠠᠳ ᠪᠣᠯᠤᠨ ᠲᠣᠰᠬᠤᠨ ᠤ ᠬᠠᠮᠲᠤ ᠶᠢᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠵᠡᠢ᠃ ᠲᠣᠰᠬᠤᠨ ᠳᠤ ᠸᠠᠩ ᠵᠢᠶᠠ ᠵᠢᠶᠧ ᠮᠡᠲᠦ ᠶᠢᠨ ᠵᠢᠯ ᠪᠦᠷᠢ ᠬᠦᠷᠢᠶᠡᠯᠡᠩ ᠲᠣᠭᠤᠷᠢᠭ ᠲᠤ ᠢᠷᠡᠵᠦ ᠬᠥᠯᠥᠰᠥᠨ ᠠᠵᠢᠯ ᠬᠢᠵᠦ ᠪᠠᠶᠢᠭ᠎ᠠ ᠲᠣᠰᠬᠤᠨ ᠤ ᠠᠷᠠᠳ 30 ᠭᠠᠷᠤᠢ ᠪᠠᠶᠢᠵᠤ᠂ ᠬᠥᠯᠥᠰᠥᠨ ᠠᠵᠢᠯ ᠬᠢᠭᠰᠡᠨ ᠤ ᠣᠷᠣᠯᠭ᠎ᠠ 50 ᠲᠦᠮᠡᠨ ᠲᠥᠭᠦᠷᠢᠭ ᠲᠤ ᠬᠦᠷᠴᠡᠢ᠃ ᠤᠨᠴᠠᠯᠢᠭᠳᠤ ᠠᠵᠤ ᠦᠢᠯᠡᠰ ᠤᠨ ᠬᠦᠷᠢᠶᠡᠯᠡᠩ 84 ᠰᠡᠷᠢᠭᠦᠨ ᠬᠦᠯᠡᠮᠵᠢ ᠲᠠᠢ ᠂ 200 ᠮᠥ ᠭᠠᠵᠠᠷ ᠡᠵᠡᠯᠡᠵᠦ᠂ ᠲᠤᠰᠬᠤᠨ ᠤ 30 ᠰᠢᠬᠠᠮ ᠡᠷᠦᠬᠡ ᠲᠠᠢ ᠬᠤᠯᠪᠣᠭᠳᠠᠵᠤ᠂ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠦᠭᠰᠡᠨ ᠣᠷᠣᠯᠭ᠎ᠠ ᠶᠢᠨ ᠨᠡᠮᠡᠭᠳᠡᠯ ᠨᠢ 20 ᠲᠦᠮᠡᠨ ᠲᠥᠭᠦᠷᠢᠭ ᠪᠣᠯᠤᠨ᠎ᠠ᠃    ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠤᠨ ᠲᠣᠮᠣ ᠬᠦᠯᠡᠮᠵᠢ ᠨᠢ ᠴᠥᠮ ᠰᠡᠷᠢᠬᠦᠨ ᠬᠦᠯᠡᠮᠵᠢ ᠪᠣᠯᠤᠨ᠎ᠠ᠂ ᠵᠢᠯ ᠳᠤ ᠬᠤᠶᠠᠷ ᠠᠴᠠ ᠭᠤᠷᠪᠠ ᠤᠳᠠᠭ᠎ᠠ ᠢᠳᠡᠰᠢᠨ ᠨᠣᠭᠤᠭ᠎ᠠ ᠳᠠᠷᠢᠵᠤ᠂ ᠦᠨᠦᠷᠲᠦ ᠨᠣᠭᠤᠭ᠎ᠠ᠂ ᠴᠠᠭᠠᠨ ᠨᠣᠭᠤᠭ᠎ᠠ᠂ ᠲᠠᠷᠪᠤᠰ᠂ ᠠᠮᠲᠠᠲᠤ ᠬᠡᠮᠬᠡ᠂ ᠬᠠᠰᠢ ᠵᠡᠷᠭᠡ ᠪᠠᠶᠢᠨ᠎ᠠ᠃ ᠪᠠᠰᠠ ᠨᠢᠭᠡ ᠪᠦᠯᠦᠭ ᠲᠤᠭᠤᠷ᠂ ᠠᠯᠮᠤᠷᠠᠳ᠂ ᠳᠣᠯᠣᠨᠣ᠂ ᠴᠢᠪᠠᠭ᠎ᠠ ᠵᠡᠷᠭᠡ ᠵᠢᠮᠢᠰ ᠪᠠᠶᠢᠳᠠᠭ᠃ ᠬᠦᠷᠢᠶᠡᠯᠡᠩ ᠲᠣᠭᠤᠷᠢᠭ ᠲᠤ ᠴᠢᠬᠢ ᠪᠤᠶᠢᠵᠢᠭᠤᠯᠬᠤ ᠳᠤᠯᠠᠭᠠᠨ ᠬᠦᠯᠡᠮᠵᠢ ᠪᠠᠶᠢᠬᠤ ᠦᠭᠡᠶ᠂ ᠵᠢᠯ ᠪᠦᠷᠢ ᠭᠠᠳᠠᠷ ᠣᠷᠣᠨ ᠠᠴᠠ ᠡᠯ᠎ᠡ ᠲᠥᠷᠥᠯ ᠤᠨ ᠢᠳᠡᠰᠢᠨ ᠨᠣᠭᠤᠭ᠎ᠠ ᠵᠢᠮᠢᠰ ᠤᠨ ᠴᠢᠬᠢ ᠶᠢ 63 ᠲᠦᠮᠡ ᠭᠠᠷᠤᠶ ᠬᠤᠳᠠᠯᠳᠤᠨ ᠠᠪᠬᠤ ᠳᠤ 25.2 ᠲᠦᠮᠡᠨ ᠲᠥᠭᠦᠷᠢᠭ ᠤᠨ ᠪᠠᠯᠠ ᠮᠥᠩᠭᠦ ᠬᠡᠷᠡᠭᠰᠡᠨ᠎ᠡ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠥᠯᠥᠭᠡ᠂ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠳᠤ 3 ᠳᠤᠯᠠᠭᠠᠨ ᠬᠦᠯᠡᠮᠵᠢ ᠶᠢ ᠪᠠᠶᠢᠭᠤᠯᠵᠤ ᠪᠠᠶᠢᠨ᠎ᠠ᠃    ᠣᠳᠣᠬᠠᠨ ᠳᠤ᠂ ᠳᠤᠯᠠᠭᠠᠨ ᠬᠦᠯᠡᠮᠵᠢ ᠶᠢᠨ ᠪᠣᠷᠣ ᠲᠥᠯᠥᠪ ᠢ ᠨᠢᠭᠡᠨᠲᠡ ᠪᠠᠶᠢᠭᠤᠯᠵᠤ ᠳᠠᠭᠤᠰᠬᠠᠭᠠᠳ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢᠭᠡᠨᠲᠡ ᠰᠢᠪᠲᠤᠷᠭᠠᠨ ᠳᠠᠭᠠᠨ ᠣᠷᠣᠵᠤ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠭᠠᠳᠠᠷ ᠤᠷᠤᠨ ᠠᠴᠠ ᠴᠢᠬᠢ ᠬᠤᠳᠠᠯᠳᠤᠨ ᠠᠪᠬᠤ ᠠᠰᠠᠭᠤᠳᠠᠯ ᠢ ᠰᠢᠢᠳᠪᠤᠷᠢᠯᠡᠬᠦ ᠪᠣᠯᠤᠨ᠎ᠠ᠂ ᠵᠢᠱᠢᠯᠲᠡ ᠪᠠᠷ ᠰᠡᠷᠢᠭᠦᠨ ᠬᠦᠯᠡᠮᠵᠢ ᠪᠦᠷᠢ ᠳᠤ 1500 ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢ 12.6 ᠲᠦᠮᠡᠨ ᠲᠥᠭᠦᠷᠢᠭ ᠨᠡᠮᠡᠭᠳᠡᠭᠦᠯᠬᠦ ᠪᠣᠯᠤᠨ᠎ᠠ᠃ ᠨᠡᠮᠡᠭᠳᠡᠭᠰᠡᠨ ᠲᠣᠰᠬᠤᠨ ᠤ ᠬᠠᠮᠲᠤ ᠶᠢᠨ ᠣᠷᠣᠯᠭ᠎ᠠ ᠶᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠮ ᠡᠮᠨᠡᠯᠭᠡ ᠶᠢᠨ ᠳᠠᠭᠠᠳᠬᠠᠯ ᠲᠤᠰᠢᠶᠠᠬᠤ᠂ ᠬᠦᠴᠢᠷᠳᠡᠯᠲᠡᠢ ᠰᠤᠷᠤᠭᠴᠢᠳ ᠢ ᠲᠤᠰᠠᠯᠠᠬᠤ ᠵᠡᠷᠭᠡ ᠲᠠᠯ᠎ᠠ ᠳᠤ ᠬᠡᠷᠡᠭᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠳᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号