| ︽ᠡᠪᠦᠯ ᠤᠨ ᠤᠯᠠᠷᠢᠯ ᠳᠤ ᠬᠡᠦᠬᠡᠳ ᠢᠶᠠᠨ ᠳᠠᠭᠠᠭᠤᠯᠤᠨ ᠵᠢᠭᠤᠯᠴᠢᠯᠠᠯ ᠤᠨ ᠣᠷᠣᠨ ᠢᠶᠠᠷ ᠶᠠᠪᠤᠵᠦ᠂ ᠵᠤᠨ ᠤ | ᠤᠯᠠᠷᠢᠯ ᠳᠤ ᠣᠯᠠᠨ ᠢᠶᠠᠷ ᠢᠶᠠᠨ ᠲᠠᠯ᠎ᠠ ᠨᠤᠲᠤᠭ᠂ ᠭᠤᠤᠯ ᠮᠦᠷᠡᠨ ᠢᠶᠠᠷ ᠲᠤᠭᠤᠷᠢᠨ ᠵᠢᠭᠤᠯᠴᠢᠯᠡᠵᠦ᠂ ᠴᠡᠴᠡᠭ | ᠰᠢᠪᠠᠭᠤ ᠵᠢᠭᠠᠰᠤ ᠵᠢᠷᠠᠭᠠᠬᠠᠢ ᠶᠢ ᠤᠯᠵᠦ ᠬᠠᠷᠠᠵᠦ ᠪᠤᠯᠦᠨ᠎ᠠ᠃ ᠬᠢᠨᠭ᠍ᠭᠠᠨ ᠠᠶᠢᠮᠠᠭ ᠲᠤ ᠰᠤᠳᠤᠯᠦᠨ ᠰᠤᠷᠤᠯᠴᠠᠬᠤ ᠪᠠᠷ | ᠳᠡᠮᠵᠢᠨ᠂ ᠪᠢᠳᠡ ᠵᠠᠯᠠᠶᠢᠳ ᠬᠤᠰᠢᠭᠤᠨ ᠤ ᠵᠢᠯ ᠤᠨ ᠳᠥᠷᠪᠡᠨ ᠤᠯᠠᠷᠢᠯ ᠳᠤ ᠠᠳᠠᠯᠢ ᠪᠤᠰᠤ ᠰᠠᠶᠢᠨ ᠰᠠᠶᠢᠬᠠᠨ | ᠦᠡᠭᠭᠡ ᠦᠵᠡᠮᠵᠢ ᠶᠢ ᠣᠯᠵᠤ ᠦᠵᠡᠪᠡ︾ ᠭᠡᠵᠦ ᠪᠡᠭᠡᠵᠢᠩ ᠬᠤᠲᠠ ᠶᠢᠨ ᠰᠧ ᠮᠠ ᠲᠧ ᠰᠤᠷᠭᠠᠨ ᠬᠥᠮᠦᠵᠢᠯ ᠤᠨ | ᠪᠦᠯᠦᠭᠯᠡᠯ ᠤᠨ ᠡᠭᠦᠳᠦᠭᠴᠢ ᠡᠤ ᡁᠢ ᠬᠡᠯᠡᠪᠡ᠃ 2024 ᠣᠨ ᠳᠤ᠂ ᠪᠡᠭᠡᠵᠢᠩ ᠬᠤᠲᠠ ᠶᠢᠨ ᠹᠧᠩᠲ᠋ᠠᠢ | ᠲᠣᠭᠤᠷᠢᠭ ᠤᠨ ᠥᠭᠡᠷᠡᠴᠢᠯᠡᠯᠲᠡ ᠬᠦ᠋ᠭᠵᠢᠭᠦᠯᠦᠯᠲᠡ ᠢᠢᠨ ᠵᠥᠪᠯᠡᠯ ᠤᠨ ᠳᠡᠮᠵᠢᠯᠭᠡ ᠳᠣᠤᠷ᠎ᠠ᠂ ᠰᠧ ᠮᠠ ᠲᠧ | ᠰᠤᠷᠭᠠᠨ ᠬᠥᠮᠦᠵᠢᠯ ᠤᠨ ᠪᠦᠯᠦᠭᠯᠡᠯ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠵᠠᠯᠠᠶᠢᠳ ᠬᠤᠰᠢᠭᠤ ᠲᠠᠢ ᠭᠠᠷ ᠬᠤᠯᠪᠣᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠵᠦ᠂ | ᠴᠢᠨᠠᠷ ᠰᠠᠶᠢᠲᠠᠶ ᠰᠤᠳᠤᠯᠤᠨ ᠰᠤᠷᠤᠯᠴᠠᠬᠤ ᠬᠠᠮᠲᠤᠷᠠᠯᠴᠠᠭᠠᠨ ᠤ ᠲᠥᠷᠥᠯ ᠵᠦᠢᠯ ᠢ ᠬᠠᠮᠲᠤᠪᠠᠷ ᠪᠣᠶ ᠪᠣᠯᠭᠠᠪᠠ᠃ | ᠣᠲᠣ ᠪᠣᠯᠲᠠᠯ᠎ᠠ᠂ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠨᠢᠭᠡᠨᠲᠡ ᠵᠠᠯᠠᠶᠢᠳ ᠬᠤᠰᠢᠭᠤᠨ ᠳᠤ 5 | ᠬᠤᠭᠤᠴᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠪᠡᠭᠡᠵᠢᠩ ᠥᠪᠥᠷ ᠮᠣᠩᠭᠤᠯ ᠬᠤᠶᠠᠷ | ᠭᠠᠵᠠᠷ ᠤᠨ ᠰᠤᠷᠭᠠᠨ ᠬᠥᠮᠦᠵᠢᠯ ᠰᠣᠶᠣᠯ ᠤᠨ ᠰᠣᠯᠢᠯᠴᠠᠭ᠎ᠠ ᠪᠠ ᠰᠤᠷᠭᠠᠨ ᠬᠥᠮᠦᠵᠢᠯ ᠤᠨ ᠬᠦᠷᠢᠶᠡᠨ ᠳᠠᠬᠢ | ᠬᠠᠮᠵᠢᠯᠴᠠᠭ᠎ᠠ ᠶᠢ ᠠᠬᠢᠭᠤᠯᠪᠠ᠃ | ᠡᠨᠡ ᠵᠢᠯ ᠠᠴᠠ ᠨᠠᠭᠠᠰᠢ᠂ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠵᠠᠯᠠᠶᠢᠳ ᠬᠤᠰᠢᠭᠤᠨ ᠤ | ᠥᠪᠡᠷᠮᠢᠴᠡ ᠪᠠᠶᠢᠭᠠᠯᠢ ᠶᠢᠨ ᠠᠮᠢ ᠠᠬᠤᠶ ᠪᠠ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ | ᠤᠷᠢᠳ ᠬᠤᠵᠢᠳ ᠠᠷᠪᠠᠭᠠᠳ ᠤᠳᠠᠭ᠎ᠠ ᠵᠠᠯᠠᠶᠢᠳ ᠬᠤᠰᠢᠭᠤᠨ ᠤ ᠣᠯᠠᠨ ᠭᠠᠵᠠᠷ ᠣᠷᠣᠨ ᠳᠤ ᠭᠦᠨᠵᠡᠭᠡᠶᠢᠷᠡᠵᠦ᠂ | ᠰᠤᠳᠤᠯᠤᠨ ᠰᠤᠷᠤᠯᠴᠠᠬᠤ ᠲᠥᠷᠥᠯ ᠵᠦᠢᠯ ᠤᠨ ᠵᠠᠮ ᠱᠤᠭᠤᠮ ᠵᠢᠴᠢ ᠠᠭᠤᠯᠭ᠎ᠠ ᠶᠢ ᠪᠥᠬᠦ ᠲᠠᠯ᠎ᠠ ᠪᠠᠷ ᠭᠦᠨᠵᠡᠭᠡᠶ | ᠰᠢᠨᠵᠢᠯᠡᠨ ᠪᠠᠶᠢᠴᠠᠭᠠᠵᠤ᠂ ᠰᠤᠷᠭᠠᠨ ᠬᠥᠮᠦᠵᠢᠯ ᠪᠠ ᠰᠤᠳᠤᠯᠤᠨ ᠰᠤᠷᠤᠯᠴᠠᠬᠤ ᠡᠬᠢ ᠪᠠᠶᠠᠯᠢᠭ ᠤᠨ ᠳᠠᠯᠳᠠ | ᠬᠦᠴᠦᠨ ᠢ ᠭᠦᠨᠵᠡᠭᠡᠶ ᠠᠭᠤᠳᠠᠯᠵᠤ᠂ ᠵᠠᠯᠠᠶᠢᠳ ᠬᠤᠰᠢᠭᠤᠨ ᠤ ᠠᠩᠬᠠᠳᠠᠭᠴᠢ ᠰᠤᠳᠤᠯᠤᠨ ᠰᠤᠷᠤᠯᠴᠠᠬᠤ ᠵᠠᠮ | ᠱᠤᠭᠤᠮ ᠢ ᠠᠮᠵᠢᠯᠲᠠ ᠲᠠᠢ ᠪᠣᠶ ᠪᠣᠯᠭᠠᠪᠠ᠃ | 6 ᠰᠠᠷ᠎ᠠ ᠶᠢᠨ 1 ᠤ ᠡᠳᠦᠷ᠂ ᠪᠡᠭᠡᠵᠢᠩ ᠤᠨ ᠲᠠᠪᠤᠳᠤᠭᠠᠷ ᠲᠤᠷᠰᠢᠯᠲᠠ ᠶᠢᠨ ᠰᠤᠷᠭᠠᠭᠤᠯᠢ ᠶᠢᠨ 35 ᠪᠠᠭᠰᠢ | ᠰᠤᠷᠤᠭᠴᠢ ᠪᠠᠷ ᠪᠦᠷᠢᠯᠳᠦᠭᠰᠡᠨ ᠠᠩᠬᠠᠳᠠᠭᠴᠢ ᠪᠦᠯᠦᠭ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠪᠢᠴᠢᠬᠠᠨ ᠡᠯᠴᠢ︾ ᠶᠢᠨ ᠰᠤᠳᠤᠯᠤᠨ ᠰᠤᠷᠤᠯᠴᠠᠬᠤ ᠪᠦᠯᠬᠦᠮ ᠵᠠᠯᠠᠶᠢᠳ ᠬᠤᠰᠢᠭᠤᠨ ᠳᠤ ᠬᠦᠷᠴᠦ᠂ ︽ᠲᠠᠷᠢᠶᠠᠨ | ᠭᠠᠵᠠᠷ ᠤᠨ ᠪᠠᠶᠠᠷ ᠪᠠᠭᠠᠳᠤᠯ ᠢ ᠣᠶᠢᠯᠠᠭᠠᠵᠤ ᠪᠠᠶᠢᠭᠠᠯᠢ ᠶᠢᠨ ᠦᠡᠭᠭᠡ ᠦᠵᠡᠮᠵᠢ ᠶᠢ ᠪᠠᠭᠠᠳᠤᠨ ᠡᠳ᠋ᠯᠡᠬᠦ︾ ᠪᠠᠷ ᠭᠤᠣᠯ | ᠰᠡᠳᠦᠪ ᠪᠣᠯᠭᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠪᠠᠨ ᠡᠬᠢᠯᠡᠭᠦᠯᠵᠡᠢ᠃ ᠬᠤᠯᠪᠣᠭ᠎ᠠ ᠪᠠᠯᠭᠠᠰᠤᠨ ᠤ ᠬᠥ᠋ | ᠮᠢᠶᠣᠣ ᠲᠣᠰᠬᠤᠨ ᠤ ᠤᠰᠤᠨ ᠲᠤᠲᠤᠷᠭ᠎ᠠ ᠳᠠᠷᠢᠬᠤ ᠰᠠᠭᠤᠷᠢᠨ ᠭᠠᠵᠠᠷ ᠲᠤ᠂ ︽ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠪᠢᠴᠢᠬᠠᠨ ᠡᠯᠴᠢ︾ ᠨᠠᠷ ︽ᠪᠢᠴᠢᠬᠠᠨ ᠲᠠᠷᠢᠶᠠᠴᠢᠨ︾ ᠪᠣᠯᠵᠤ᠂ ᠲᠠᠷᠢᠶᠠᠴᠢᠨ ᠤ ᠠᠮᠢᠳᠤᠷᠠᠯ ᠢ | ᠪᠡᠶᠡᠴᠢᠯᠡᠨ ᠣᠶᠢᠯᠠᠭᠠᠪᠠ᠃ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ︾ ᠪᠠᠰᠠ | ᠪᠠᠶᠠᠨᠲᠠᠯ᠎ᠠ ᠶᠢᠨ ᠨᠢᠭᠤᠴᠠ ᠣᠷᠣᠨ ᠤ ᠭᠤᠣᠯ ᠤᠨ ᠬᠥᠨᠳᠡᠢ ᠳᠤ ᠬᠦᠷᠴᠦ ᠪᠠᠶᠢᠭᠠᠯᠢ ᠶᠢ ᠬᠠᠶᠢᠨ ᠰᠦᠪᠡᠭᠴᠢᠯᠡᠭᠰᠡᠨ | ᠪᠥᠭᠡᠳ ᠪᠤᠬᠲᠠ ᠠᠭᠤᠯᠠ ᠶᠢᠨ ᠦᠵᠡᠮᠵᠢ ᠶᠢᠨ ᠣᠷᠣᠨ ᠳᠤ ᠲᠠᠯ᠎ᠠ ᠨᠤᠲᠤᠭ ᠢᠶᠠᠷ ᠰᠡᠯᠡᠭᠦᠴᠡᠨ ᠲᠤᠭᠤᠷᠢᠬᠤ ᠪᠠᠷ | ᠳᠠᠮᠵᠢᠨ ᠲᠠᠷᠢᠶᠠᠯᠠᠬᠤ ᠰᠣᠶᠣᠯ ᠪᠣᠯᠤᠨ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠤᠶᠢᠯᠠᠭᠠᠪᠠ᠃ | 9 ᠰᠠᠷ᠎ᠠ ᠶᠢᠨ 21 ᠤ ᠡᠳᠦᠷ᠂ ᠪᠡᠭᠡᠵᠢᠩ ᠤᠨ ᠲᠠᠪᠤᠳᠤᠭᠠᠷ ᠲᠤᠷᠰᠢᠯᠲᠠ ᠶᠢᠨ ᠰᠤᠷᠭᠠᠭᠤᠯᠢ ᠶᠢᠨ ᠠᠩᠬ᠎ᠠ | ᠵᠡᠷᠭᠡ ᠶᠢᠨ ᠬᠤᠶᠠᠳᠤᠭᠠᠷ ᠣᠨ ᠤ 5 ᠰᠣᠷᠣᠭᠴᠢ ᠲᠠᠬᠢᠭᠠᠳ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠬᠥ᠋ | ᠮᠢᠶᠣᠣ ᠲᠣᠰᠬᠤᠨ ᠤ ᠤᠰᠤᠨ ᠲᠤᠲᠤᠷᠭ᠎ᠠ ᠳᠠᠷᠢᠬᠤ ᠰᠠᠭᠤᠷᠢᠨ ᠭᠠᠵᠠᠷ ᠲᠤ ᠢᠷᠡᠵᠦ᠂ ᠲᠠᠷᠢᠶᠠᠨ ᠠᠵᠢᠯ ᠢ | ᠬᠥᠳᠡᠯᠮᠦᠷᠢ ᠶᠢᠨ ᠦᠷ᠎ᠡ ᠪᠦᠲᠦᠭᠡᠯ ᠪᠠ ᠪᠠᠶᠠᠷ ᠪᠠᠭ᠋ᠠᠲᠦᠯ ᠢᠶᠠᠨ ᠬᠠᠮᠲᠦ ᠤᠯᠠᠨ ᠲᠠᠢ ᠪᠠᠨ ᠬᠤᠪᠢᠶᠠᠯᠴᠠᠪᠠ᠃ | ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠤᠨ ᠨᠠᠪᠳᠡᠷᠠᠭᠦᠯᠥᠬᠰᠡᠨ ᠵᠠᠯᠠᠶᠢᠳ ᠬᠤᠰᠢᠭᠤᠨ ᠤ | ᠰᠤᠳᠤᠯᠤᠨ ᠰᠤᠷᠤᠯᠴᠠᠬᠤ ᠵᠠᠮ ᠱᠤᠭᠤᠮ ᠨᠢ ᠬᠥᠳᠡᠯᠮᠦᠷᠢ ᠶᠢᠨ ᠬᠥᠮᠦᠵᠢᠯ ᠢ ᠦᠵᠡᠯ ᠰᠠᠨᠠᠭ᠎ᠠ ᠤᠯᠤᠰ ᠲᠥᠷᠥ ᠶᠢᠨ | ᠰᠤᠷᠭᠠᠨ ᠬᠥᠮᠦᠵᠢᠯ ᠲᠠᠢ ᠭᠦᠨᠵᠡᠭᠡᠶ ᠠᠭᠤᠰᠤᠯᠴᠠᠭᠤᠯᠵᠤ᠂ ᠰᠤᠷᠤᠭᠴᠢᠳ ᠲᠤ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠣᠶᠢᠯᠠᠭᠠᠭᠤᠯᠵᠤ᠂ ᠪᠡᠭᠡᠵᠢᠩ ᠥᠪᠥᠷ | ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ︽ | ᠵᠠᠯᠠᠶᠢᠳ ᠬᠤᠰᠢᠭᠤᠨ ᠤ ᠡᠨᠡ ᠬᠦ ᠪᠠᠶᠢᠭᠠᠯᠢᠯᠢᠭ ᠠᠮᠢ ᠠᠬᠤᠶ ᠶᠢᠨ ᠰᠤᠳᠤᠯᠤᠨ ᠰᠤᠷᠤᠯᠴᠠᠬᠤ ᠭᠠᠵᠠᠷ ᠨᠢ | ᠰᠤᠷᠤᠭᠴᠢᠳ ᠲᠤ ᠪᠦᠷᠢᠮᠦᠰᠦᠨ ᠠᠳᠠᠯᠢ ᠪᠤᠰᠤ ᠠᠮᠢᠳᠤᠷᠠᠯ ᠤᠨ ᠣᠶᠢᠯᠠᠭᠠᠯᠲᠠ ᠶᠢ ᠡᠳ᠋ᠯᠡᠭᠦᠯᠵᠦ᠂ ᠰᠤᠷᠤᠭᠴᠢᠳ ᠲᠤ | ᠠᠳᠠᠯᠢ ᠪᠤᠰᠤ ᠲᠠᠯ᠎ᠠ ᠶᠢᠨ ᠮᠡᠳᠡᠯᠭᠡ ᠶᠢ ᠮᠠᠰᠢ ᠣᠯᠠᠨ ᠡᠵᠡᠮᠰᠢᠭᠦᠯᠪᠡ︾ ᠭᠡᠵᠦ ᠪᠡᠭᠡᠵᠢᠩ ᠤᠨ ᠲᠠᠪᠤᠳᠤᠭᠠᠷ | ᠲᠤᠷᠰᠢᠯᠲᠠ ᠶᠢᠨ ᠰᠤᠷᠭᠠᠭᠤᠯᠢ ᠶᠢᠨ ᠪᠠᠭᠰᠢ ᠮᠢᠶᠣᠣ ᠵᠤᠸᠠᠩ ᠪᠠᠶᠠᠷᠲᠠᠶᠢᠬᠠᠨ ᠶᠠᠷᠢᠵᠦ ᠪᠠᠶᠢᠯ᠎ᠠ᠃ | ᠣᠶᠢᠯᠠᠭᠠᠭᠰᠠᠨ ᠢᠶᠠᠷ᠂ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ 2010 ᠣᠨ ᠳᠤ | ᠪᠠᠶᠢᠭᠤᠯᠤᠭᠳᠠᠭᠰᠠᠨ ᠠᠴᠠ ᠨᠠᠭᠠᠰᠢ᠂ ᠨᠢᠭᠡᠨᠲᠡ 400 ᠤᠳᠠᠭ᠎ᠠ ᠤᠯᠤᠰ ᠤᠨ ᠳᠣᠲᠣᠭᠠᠳᠤ ᠶᠢᠨ ᠰᠤᠳᠤᠯᠤᠨ | ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠵᠢᠴᠢ ᠤᠯᠠᠨ ᠤᠯᠤᠰ ᠤᠨ ᠵᠤᠰᠠᠯᠠᠩ ᠤᠨ ᠲᠦᠷᠦᠯ ᠵᠦᠢᠯ ᠢ 32 | ᠵᠣᠬᠢᠶᠠᠨ ᠪᠠᠶᠢᠭᠤᠯᠵᠤ᠂ ᠪᠦᠬᠦ ᠪᠥᠮᠪᠥᠷᠴᠡᠭ ᠤᠨ 16 ᠤᠯᠤᠰ ᠪᠠ ᠤᠯᠤᠰ ᠤᠨ ᠳᠣᠲᠣᠭᠠᠳᠤ ᠶᠢᠨ 238 | ᠬᠤᠳᠠ ᠳᠤ ᠤᠯᠠ ᠮᠦᠷ ᠶᠢᠨ ᠦᠯᠡᠳᠡᠭᠡᠭᠰᠡᠨ ᠪᠠᠶᠢᠨ᠎ᠠ᠃ | ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠪᠠᠰᠠ ᠵᠠᠯᠠᠶᠢᠳ ᠬᠤᠰᠢᠭᠤᠨ ᠤ ᠲᠠᠷᠢᠶᠠᠯᠠᠩ ᠰᠣᠶᠣᠯ | ᠵᠢᠭᠤᠯᠴᠢᠯᠡᠯ ᠤᠨ ᠰᠤᠳᠤᠯᠦᠨ ᠰᠤᠷᠤᠯᠴᠠᠬᠤ ᠲᠥᠷᠥᠯ ᠵᠦᠢᠯ ᠢ ᠲᠠᠨᠢᠯᠴᠠᠭᠤᠯᠬᠤ ᠶᠡᠭᠡ ᠬᠤᠷᠠᠯ ᠢ ᠦᠷᠭᠦᠯᠵᠢᠯᠡᠨ | ᠡᠷᠭᠢᠯᠡᠵᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ︾ ᠶᠢᠨ ᠢᠷᠠᠭᠤ ᠠᠯᠳᠠᠷ ᠤᠨ | ᠨᠡᠷ᠎ᠡ ᠬᠠᠭᠤᠳᠠᠰᠤ ᠶᠢ ᠦᠷᠭᠦᠯᠵᠢᠯᠡᠨ ᠪᠣᠶ ᠪᠣᠯᠭᠠᠬᠤ ᠶᠢᠨ ᠬᠠᠮᠲᠤ ︽ᠭᠤᠷᠪᠠᠨ ᠠᠯᠬᠤᠮ︾ ᠤᠨ ᠪᠠᠶᠢᠯᠳᠤᠬᠤ | ᠪᠣᠳᠣᠯᠭ᠎ᠠ ᠶᠢᠨ ᠶᠣᠰᠣᠭᠠᠷ ᠵᠠᠯᠠᠶᠢᠳ ᠬᠤᠰᠢᠭᠤᠨ ᠤ ᠰᠤᠳᠤᠯᠤᠨ ᠰᠤᠷᠤᠯᠴᠠᠬᠤ ᠲᠥᠷᠥᠯ ᠵᠦᠢᠯ ᠢ ᠳᠡᠯᠭᠡᠷᠡᠭᠦᠯᠵᠦ᠂ | ︽ᠪᠡᠭᠡᠵᠢᠩ ᠥᠪᠥᠷ ᠮᠣᠩᠭᠤᠯ — ᠵᠠᠯᠠᠶᠢᠳ ᠤᠨ ᠰᠣᠳᠣᠨ ᠰᠢᠯᠢᠳᠡᠭ ᠰᠤᠳᠤᠯᠤᠨ ᠰᠤᠷᠤᠯᠴᠠᠬᠤ ᠲᠥᠷᠥᠯ | ᠲᠡᠮᠳᠡᠭ ᠢ ᠭᠦᠨᠵᠡᠭᠡᠶ ᠡᠬᠦᠳᠴᠤ᠂ ᠪᠥᠬᠦ ᠤᠯᠤᠰ ᠤᠨ ᠨᠥᠯᠥᠭᠡᠯᠡᠬᠦ ᠬᠦᠴᠦᠨ ᠲᠠᠢ ᠰᠣᠳᠣᠨ ᠵᠠᠮ ᠱᠤᠭᠤᠮ ᠢ | ᠪᠠᠶᠢᠭᠤᠯᠬᠤ ᠪᠠᠷ ᠴᠢᠷᠮᠠᠶᠢᠬᠤ ᠪᠤᠯᠦᠨ᠎ᠠ᠃ · ᠳᠠᠷᠬᠠᠨ ᠰᠢᠦ ᠰᠢᠦ · | | ︽ᠲᠣᠮᠳᠡᠳᠣ ᠶᠢᠨ ᠦᠨᠳᠣᠰᠣᠳᠡᠨ ᠨᠢᠭᠡ ᠭᠡᠷ ᠪᠦᠯᠢ ᠮᠠᠳᠣ ᠲᠣᠳᠣᠨᠣ︾—ᠬᠢᠨᠭ᠍ᠭᠠᠨ ᠠᠶᠢᠮᠠᠭ ᠤᠨ ᠮᠦᠽᠸᠢ | ᠲᠤᠮᠳᠠᠲᠦ ᠶᠢᠨ ᠦᠨᠳᠦᠰᠦᠲᠡᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠬᠴᠠᠯᠠᠬᠤ ᠠᠵᠢᠯ ᠢ ᠰᠠᠶᠢᠳᠦᠷ | ᠲᠤᠭᠤᠰᠢᠯᠠᠭᠤᠯᠵᠤ ᠪᠤᠢ | ᠣᠶᠢᠷ᠎ᠠ ᠶᠢᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠢᠩᠭᠠᠨ | ᠠᠶᠢᠮᠠᠭ ᠤᠨ ᠮᠦᠽᠧᠶ ᠨᠠᠮ ᠤᠨ ᠪᠠᠶᠢᠭᠤᠯᠤᠯᠲᠠ ᠪᠠᠷ ᠭᠤᠤᠯ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠮᠦᠽᠧᠶ ᠶᠢᠨ ᠡᠭᠦᠷᠭᠡ ᠴᠢᠳᠠᠪᠬᠢ ᠪᠠᠨ ᠭᠦᠢᠴᠡᠳᠭᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠠᠵᠢᠯ ᠢ ᠰᠠᠶᠢᠳᠦᠷ ᠬᠢᠵᠦ ᠪᠠᠶᠢᠨ᠎ᠠ᠃ | ᠬᠢᠩᠭᠠᠨ ᠠᠶᠢᠮᠠᠭ ᠤᠨ ᠮᠦᠽᠧᠶ ᠶᠢᠨ ᠨᠠᠮ ᠤᠨ ᠡᠭᠦᠷ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠨᠠᠮ ᠤᠨ | ᠭᠡᠰᠢᠭᠦᠨ ᠺᠠᠳ᠋ᠷᠴᠤᠳ ᠤᠨ ᠵᠠᠪᠠᠯ ᠰᠤᠷᠬᠤ ᠬᠢᠴᠢᠶᠡᠯ ᠪᠣᠯᠭᠠᠬᠤ ᠶᠢ ᠪᠠᠷᠢᠮᠲᠠᠯᠠᠵᠤ᠂ ᠲᠥᠪᠯᠡᠷᠡᠭᠦᠯᠦᠨ ᠰᠤᠷᠤᠯᠴᠠᠬᠤ ᠶᠢ | ᠪᠠᠶᠢᠩᠭᠤᠵᠢᠭᠤᠯᠤᠨ ᠥᠷᠨᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ | ᠡᠳᠦᠷᠯᠢᠭ ᠵᠡᠷᠭᠡ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠵᠦ᠂ ᠪᠦᠬᠦ ᠲᠠᠯ᠎ᠠ ᠶᠢᠨ ᠣᠶᠢᠯᠠᠭᠠᠯᠲᠠ ᠪᠠᠨ | ᠭᠦᠨᠵᠡᠭᠡᠶᠢᠷᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢ ᠵᠢᠯᠣᠭᠤᠳᠴᠤ ︽ᠬᠤᠶᠠᠷ ᠢ ᠤᠶᠠᠯᠳᠤᠭᠤᠯᠬᠤ︾ ᠤᠨᠤᠯ ᠤᠨ ᠰᠢᠨ᠎ᠡ ᠶᠢ ᠡᠭᠦᠳᠬᠦ ᠶᠢ | ᠭᠦᠨᠵᠡᠭᠡᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠬᠴᠠᠯᠠᠬᠤ ᠠᠵᠢᠯ ᠢ ᠥᠷᠨᠢᠭᠦᠯᠬᠦ ᠶᠡᠷᠦᠩᠬᠡᠶᠢᠯᠡᠭᠰᠡᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ | ᠬᠢᠨᠭ᠍ᠭᠠᠨ ᠠᠶᠢᠮᠠᠭ ᠤᠨ ᠮᠦᠽᠸᠢ ᠰᠦᠢᠳᠭᠡᠯ ᠬᠤᠷᠢᠶᠠᠬᠤ ᠦᠭᠡᠶ ᠪᠠᠷ ᠡᠬᠦᠳᠡ ᠪᠠᠨ ᠨᠡᠭᠡᠭᠡᠬᠦ᠂ ᠤᠬᠠᠭᠤᠯᠭ᠎ᠠ | ᠬᠥᠮᠦᠵᠢᠯ ᠬᠢᠬᠦ ᠵᠡᠷᠭᠡ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠠᠷᠤ ᠳᠠᠬᠢ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠭᠦᠨᠵᠡᠭᠡᠶ ᠠᠭᠤᠳᠠᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ᠂ | ᠮᠦᠽᠧᠶ ᠶᠢᠨ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠲᠠᠢ ᠣᠷᠭᠠᠨᠢᠭ ᠢᠶᠠᠷ ᠠᠭᠤᠰᠤᠯᠴᠠᠭᠤᠯᠵᠠᠢ᠃ | ᠡᠭᠦᠨ ᠤ ᠬᠠᠮᠲᠦ ᠶᠤᠸᠠᠨ ᠤᠯᠤᠰ ᠤᠨ ᠦᠶ᠎ᠡ ᠶᠢᠨ ᠵᠢᠩ ᠳ᠋ᠧ ᠵᠧᠨ ᠪᠠᠯᠭᠠᠰᠤᠨ ᠤ ᠲᠡᠤᠬᠡ ᠶᠢᠨ ᠳᠤᠷᠠᠰᠬᠠᠯᠲᠤ | ᠵᠦᠢᠯᠡᠰ ᠢ ᠳᠡᠯᠭᠡᠨ ᠦᠵᠡᠭᠦᠯᠬᠦ ᠠᠵᠢᠯᠯᠠᠭ᠎ᠠ ᠶᠢ ᠠᠰᠢᠭᠯᠠᠨ᠂ ᠦᠨᠳᠦᠰᠦᠲᠡᠨ ᠨᠦᠭᠦᠳ ᠤᠨ ᠣᠷᠳᠣ ᠤᠳᠠᠭᠠᠨ | ᠲᠡᠤᠬᠡ ᠶᠢᠨ ᠠᠬᠢᠴᠠ ᠳᠤ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠠᠭᠤᠰᠤᠯᠴᠠᠭᠰᠠᠨ | ᠰᠦᠷᠯᠢᠭ ᠰᠠᠶᠢᠬᠠᠨ ᠵᠢᠷᠤᠭ ᠢ ᠣᠯᠠᠨ ᠲᠠᠯ᠎ᠠ ᠠᠴᠠ ᠠᠮᠢᠳᠤᠯᠢᠭ ᠢᠶᠠᠷ ᠵᠢᠷᠤᠭᠯᠠᠵᠤ᠂ ᠦᠵᠡᠭᠴᠢᠳ ᠲᠤ | ᠳᠤᠮᠳᠠᠳᠤ ᠶᠢᠨ ᠦᠨᠳᠦᠰᠦᠲᠡᠨ ᠤ ᠭᠦᠨ ᠵᠤᠵᠠᠭᠠᠨ ᠨᠥᠬᠦᠷᠯᠡᠯ ᠢ ᠭᠦᠨᠵᠡᠭᠡᠶ ᠮᠡᠳᠡᠷᠡᠭᠦᠯᠵᠦ᠂ ᠬᠢᠩᠭᠠᠨ ᠠᠶᠢᠮᠠᠭ ᠤᠨ | ᠡᠯ᠎ᠠ ᠦᠨᠳᠦᠰᠦᠲᠡᠨ ᠤ ᠠᠭᠤᠰᠤᠯᠴᠠᠯ ᠤᠨ ᠥᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠣᠶᠣᠯ ᠤᠨ ᠥᠪ ᠤᠨ ᠰᠦᠭ ᠰᠦᠨᠡᠰᠦ ᠶᠢ ᠤᠯᠠᠮᠵᠢᠯᠠᠵᠤ᠂ | ᠦᠨᠳᠦᠰᠦᠲᠡᠨ ᠤ ᠪᠦᠯᠬᠦᠮᠳᠡᠯ ᠤᠨ ᠦᠨᠳᠦᠰᠦ ᠰᠠᠭᠤᠷᠢ ᠶᠢ ᠪᠠᠲᠤ ᠴᠣᠭᠴᠠᠯᠠᠪᠠ᠃ | ᠬᠢᠨᠭ᠍ᠭᠠᠨ ᠠᠶᠢᠮᠠᠭ ᠤᠨ ᠮᠦᠽᠸᠢ ᠰᠢᠯᠢᠳᠡᠭ ᠲᠠᠶᠢᠯᠪᠤᠷᠢᠯᠠᠭᠴᠢ ᠶᠢ ᠰᠣᠩᠭᠤᠨ ᠬᠥᠮᠦᠵᠢᠭᠦᠯᠵᠦ ᠤᠬᠠᠭᠤᠯᠤᠨ | ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ | ᠦᠷᠨᠢᠭᠦᠯᠵᠠᠢ᠃ ᠡᠨᠡ ᠵᠢᠯ᠂ ᠬᠢᠩᠭᠠᠨ ᠠᠶᠢᠮᠠᠭ ᠤᠨ ᠮᠦᠽᠧᠶ ᠪᠣᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠬᠠᠮᠲᠤᠷᠠᠨ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠦᠢᠯᠡᠳᠦᠯᠭᠡ ᠶᠢᠨ ᠵᠢᠭᠠᠨ | ᠰᠤᠷᠭᠠᠯᠲᠠ ᠶᠢᠨ ᠠᠵᠢᠯᠯᠠᠭ᠎ᠠ ᠶᠢ 12 ᠲᠠᠯᠠᠪᠤᠷ ᠤᠳᠠᠭ᠎ᠠ ᠥᠷᠨᠢᠭᠦᠯᠵᠦ᠂ ᠪᠠᠭᠰᠢ ᠰᠤᠷᠤᠭᠴᠢᠳ ᠨᠠᠶᠢᠳᠡ 1200 | ᠭᠠᠷᠤᠶ ᠬᠥᠮᠦᠨ ᠤᠳᠠᠭ᠎ᠠ ᠣᠷᠣᠯᠴᠠᠪᠠ︔ ᠪᠠᠰᠠ ᠲᠦᠴᠢᠦᠸᠠᠨ ᠰᠢᠶᠠᠨ ᠤ ᠵᠠᠯᠠᠭᠤᠴᠤᠳ ᠪᠠᠭᠠᠴᠤᠳ ᠤᠨ | ᠠᠵᠢᠯᠯᠠᠭ᠎ᠠ ᠶᠢᠨ ᠲᠥᠪ ᠲᠠᠢ ᠬᠠᠮᠲᠤᠷᠠᠨ ᠰᠤᠳᠤᠯᠤᠨ ᠰᠤᠷᠤᠯᠴᠠᠬᠤ ᠠᠵᠢᠯᠯᠠᠭ᠎ᠠ ᠶᠢ 6 ᠬᠤᠭᠤᠴᠠᠭ᠎ᠠ ᠥᠷᠨᠢᠭᠦᠯᠵᠦ᠂ | ᠵᠠᠯᠠᠭᠤᠴᠤᠳ ᠪᠠᠭᠠᠴᠤᠳ ᠲᠤ ︽ᠳᠤᠮᠳᠠᠳᠤ ᠶᠢᠨ ᠰᠣᠶᠣᠯ ᠤᠨ ᠤᠳᠤᠮᠰᠢᠯ ᠢ ᠵᠠᠯᠭᠠᠮᠵᠢᠯᠠᠵᠤ ᠤᠮᠠᠷᠠᠲᠤ ᠬᠢᠯᠢ ᠶᠢᠨ | ᠰᠣᠶᠣᠯ ᠢ ᠪᠠᠳᠠᠷᠠᠭᠤᠯᠤᠶ᠎ᠠ︾ ᠭᠡᠬᠦ ᠪᠢᠴᠢᠬᠠᠨ ᠲᠠᠶᠢᠯᠪᠤᠷᠢᠯᠠᠭᠴᠢ ᠶᠢᠨ ᠰᠤᠳᠤᠯᠤᠨ ᠰᠤᠷᠤᠯᠴᠠᠬᠤ ᠠᠵᠢᠯᠯᠠᠭ᠎ᠠ | ᠥᠷᠨᠢᠭᠦᠯᠵᠦ᠂ ᠨᠡᠶᠢᠲᠡ 40 ᠭᠠᠷᠤᠶ ︽ᠲᠡᠤᠬᠡ ᠶᠢᠨ ᠳᠤᠷᠠᠰᠬᠠᠯᠲᠤ ᠵᠦᠢᠯᠡᠰ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠰᠤᠷᠤᠯᠴᠡᠯᠭᠠ ᠶᠢᠨ | ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠣᠶᠢᠯᠠᠭᠠᠭᠤᠯᠵᠤ᠂ | ᠰᠤᠷᠤᠭᠴᠢᠳ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠲᠤᠬᠠᠢ ᠤᠶᠢᠯᠠᠭᠠᠯᠲᠠ ᠶᠢ ᠴᠢᠩᠭᠠᠳᠬᠠᠵᠠᠢ᠃ | ᠬᠢᠨᠭ᠍ᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠢᠯᠤᠭᠤᠳᠤᠯᠭ᠎ᠠ | ᠳᠤᠤᠷ᠎ᠠ᠂ ᠬᠢᠩᠭᠠᠨ ᠠᠶᠢᠮᠠᠭ ᠤᠨ ᠮᠦᠽᠧᠶ ᠶᠢᠨ ᠨᠠᠮ ᠤᠨ ᠡᠭᠦᠷ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ | ᠱᠠᠲᠤᠨ ᠤ ᠡᠮᠤᠨ᠎ᠠ ᠹᠷᠣᠨᠲ ᠲᠤ ᠭᠦᠨᠵᠡᠭᠡᠶᠢᠷᠡᠨ ᠨᠠᠮ ᠤᠨ ᠲᠥᠷᠥ ᠶᠢᠨ ᠪᠣᠳᠣᠯᠭ᠎ᠠ ᠣᠨᠣᠯ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ ᠲᠡᠳᠡ ᠬᠦᠴᠢᠷᠳᠡᠯᠲᠡᠶ ᠣᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠬᠤ᠂ ᠨᠡᠶᠢᠭᠡᠮ | ᠲᠣᠭᠤᠷᠢᠭ ᠢ ᠬᠠᠮᠵᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠠᠮ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠭᠢᠯ ᠳᠤ ᠬᠦᠷᠭᠡᠵᠦ᠂ ᠥᠷᠭᠡᠨ ᠣᠯᠠᠨ | ᠦᠨᠳᠦᠰᠦᠨ ᠱᠠᠲᠤᠨ ᠤ ᠣᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠬᠤ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠬᠰᠢᠯᠠᠬᠤ ᠤᠬᠠᠮᠰᠠᠷ ᠢ ᠴᠢᠩᠭᠠᠳᠬᠠᠵᠠᠢ᠃ | ᠬᠤᠶᠢᠰᠢᠳᠠ᠂ ᠬᠢᠩᠭᠠᠨ ᠠᠶᠢᠮᠠᠭ ᠤᠨ ᠮᠦᠽᠧᠶ ᠶᠢᠨ ᠨᠠᠮ ᠤᠨ ᠡᠭᠦᠷ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠵᠦ᠂ ︽ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ︾ ᠵᠡᠷᠭᠡ ᠰᠢᠷᠢᠰ ᠭᠤᠤᠯ | ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠪᠠᠷ ︽ᠵᠢᠷᠭᠤᠭᠠᠨ ᠦᠭᠡ︾ | ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠰᠠᠶᠢᠲᠤᠷ ᠶᠠᠷᠢᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ︽ᠳᠥᠷᠪᠡ ᠶᠢ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ | ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠬᠤ | ᠪᠤᠯᠦᠨ᠎ᠠ᠃ ︵ᠯᠢᠶᠠᠨ ᠪᠤᠤ ᠰᠤᠶᠤᠯ︶ | | | ᠬᠢᠨᠭ᠍ᠭᠠᠨ ᠠᠶᠢᠮᠠᠬ ᠤᠨ ᠡᠯ᠎ᠠ ᠱᠠᠳᠤᠨ ᠤ ᠡᠪᠯᠡᠯ ᠤᠨ ᠵᠤᠬᠢᠶᠠᠨ ᠪᠠᠶᠢᠭᠤᠯᠤᠯᠳᠠ ᠦᠨᠳᠦᠰᠤᠨ ᠬᠠᠤᠯᠢ ᠶᠢ ᠤᠬᠠᠭᠤᠯᠤᠨ | ᠲᠦᠭᠡᠮᠡᠯᠵᠢᠬᠦᠯᠬᠦ ᠭᠠᠷᠠᠬ ᠤᠨ ᠠᠵᠢᠯᠯᠠᠭ᠎ᠠ ᠦᠷᠨᠢᠬᠦᠯᠪᠡ | 12 ᠰᠠᠷ᠎ᠠ ᠶᠢᠨ 4 ᠤ ᠡᠳᠦᠷ ᠪᠤᠯ ᠮᠠᠨ ᠤ ᠤᠯᠤᠰ ᠤᠨ ᠠᠷᠪᠠᠨ ᠨᠢᠭᠡᠳᠡᠬᠢ ︽ᠤᠯᠤᠰ ᠤᠨ ᠦᠨᠳᠦᠰᠤᠨ | ᠬᠠᠤᠯᠢ ᠶᠢᠨ ᠡᠳᠦᠷ︾ ᠪᠠᠶᠢᠵᠦ᠂ 12 ᠰᠠᠷ᠎ᠠ ᠶᠢᠨ 1 ᠤ ᠡᠳᠦᠷ ᠠᠴᠠ 7 ᠤ ᠡᠳᠦᠷ ᠪᠤᠯ ᠮᠠᠨ ᠤ ᠤᠯᠤᠰ ᠤᠨ | ᠳᠤᠯᠤᠭᠠᠳᠡᠬᠢ ︽ᠦᠨᠳᠦᠰᠤᠨ ᠬᠠᠤᠯᠢ ᠶᠢᠨ ᠤᠬᠠᠭᠤᠯᠭ᠎ᠠ ᠶᠢᠨ ᠭᠠᠷᠠᠬ︾ ᠪᠤᠯᠤᠨ᠎ᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠳᠤᠭᠤᠰᠢᠯᠠᠭᠤᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ | ᠡᠷᠬᠡ ᠰᠦᠷ ᠢ ᠬᠠᠮᠠᠭᠠᠯᠠᠬᠤ ᠪᠠᠷ᠂ ᠣᠶᠢᠷ᠎ᠠ ᠶᠢᠨ ᠡᠳᠦᠷ ᠬᠢᠩᠭᠠᠨ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠶᠢᠨ | ᠡᠪᠯᠡᠯ ᠤᠨ ᠵᠣᠬᠢᠶᠠᠨ ᠪᠠᠶᠢᠭᠤᠯᠤᠯᠲᠠ ᠤᠳᠠᠭ᠎ᠠ ᠳᠠᠷᠠᠭᠠᠯᠠᠨ ᠡᠯᠪᠡᠭ ᠠᠭᠤᠯᠭ᠎ᠠ ᠪᠦᠬᠦᠢ ᠦᠨᠳᠦᠰᠤᠨ ᠬᠠᠤᠯᠢ ᠶᠢ | ᠤᠬᠠᠭᠤᠯᠤᠨ ᠲᠦᠭᠡᠮᠡᠯᠵᠢᠬᠦᠯᠬᠦ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ᠤᠯᠠᠭᠠᠨᠬᠤᠳᠠ ᠶᠢᠨ ᠡᠪᠯᠡᠯ ᠤᠨ ᠬᠤᠷᠢᠶ᠎ᠠ | 12 ᠰᠠᠷ᠎ᠠ ᠶᠢᠨ 2 ᠤᠨ ᠡᠳᠦᠷ᠂ ᠤᠯᠠᠭᠠᠨᠬᠤᠳᠠ ᠶᠢᠨ ᠡᠪᠯᠡᠯ ᠤᠨ ᠬᠤᠷᠢᠶ᠎ᠠ ᠶᠢᠨ ᠬᠢᠨ ᠤᠯᠠᠭᠠᠨᠬᠤᠳᠠ ᠶᠢᠨ | ᠵᠦᠡᠭ ᠴᠸᠦ ᠨᠢᠭᠦᠯᠡᠰᠦᠩᠭᠦᠶ ᠶᠢᠨ ᠨᠡᠶᠢᠭᠡᠮᠯᠢᠭ ᠲᠠᠢ ᠬᠠᠮᠲᠤᠷᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠳᠥᠯᠭᠢᠨ | ᠠᠬᠢᠭᠤᠯᠬᠤ︾ ᠪᠠᠷ ᠰᠡᠳᠦᠪᠯᠡᠭᠰᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠤᠯᠠᠭᠠᠨᠬᠤᠳᠠ ᠶᠢᠨ ᠡᠪᠯᠡᠯ ᠤᠨ ᠬᠤᠷᠢᠶ᠎ᠠ ᠪᠦᠬᠦ ᠬᠤᠳᠠ ᠶᠢᠨ ᠦᠷᠬᠡᠨ ᠤᠯᠠᠨ ᠡᠪᠯᠡᠯ ᠤᠨ ᠬᠡᠰᠢᠬᠦᠨ | ᠵᠠᠯᠠᠭᠤᠴᠤᠳ ᠢ ᠵᠤᠬᠢᠶᠠᠨ ᠪᠠᠶᠢᠭᠤᠯᠵᠦ᠂ ᠤᠬᠠᠭᠤᠯᠭ᠎ᠠ ᠶᠢᠨ ᠬᠠᠭᠤᠳᠠᠰᠦ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ | ᠰᠠᠭᠤᠭᠠᠯᠢ ᠠᠷᠠᠳ ᠲᠤ ᠦᠨᠳᠦᠰᠦᠨ ᠬᠠᠤᠯᠢ ᠶᠢᠨ ᠦᠨᠳᠦᠰᠦᠨ ᠮᠡᠳᠡᠯᠭᠡ᠂ ᠨᠠᠰᠤᠨ ᠳᠤ ᠦᠯᠤ ᠬᠥᠷᠦᠭᠰᠡᠳ ᠢ | ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠤᠯᠠᠨ ᠲᠦᠮᠡᠨ ᠤ | ᠬᠠᠤᠯᠢ ᠴᠠᠭᠠᠵᠠ ᠶᠢᠨ ᠯᠠᠪᠯᠠᠯᠭ᠎ᠠ ᠳᠤ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠬᠠᠤᠯᠢᠵᠢᠯ ᠤᠨ ᠤᠬᠠᠮᠰᠠᠷ | ᠪᠠ ᠬᠠᠤᠯᠢᠵᠢᠯ ᠤᠨ ᠦᠵᠡᠯᠲᠡ ᠶᠢ ᠦᠨᠡᠨᠬᠦ ᠳᠡᠭᠡᠭᠰᠢᠯᠡᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠢ | ᠬᠠᠮᠠᠭᠠᠯᠠᠪᠠ᠃ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠲᠤ᠂ ᠤᠯᠠᠭᠠᠨᠬᠤᠲᠠ ᠶᠢᠨ ᠡᠪᠯᠡᠯ ᠤᠨ ᠬᠤᠷᠶᠶᠠ ᠤᠯᠠᠨ | ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠯᠠᠨ ᠲᠦᠮᠡᠨ ᠤ ᠰᠡᠳᠭᠢᠯ ᠳᠤ | ᠬᠠᠳᠠᠩᠰᠢᠭᠤᠯᠵᠤ᠂ ᠤᠯᠠᠨ ᠲᠦᠮᠡᠨ ᠤ ᠠᠮᠢᠳᠤᠷᠠᠯ ᠳᠤ ᠠᠭᠤᠰᠬᠠᠵᠤ᠂ ᠬᠦᠮᠦᠰ ᠤᠨ ᠬᠠᠤᠯᠢᠵᠢᠯ ᠤᠨ ᠤᠬᠠᠮᠰᠠᠷ ᠢ | ᠤᠯᠠᠮ ᠳᠡᠭᠡᠭᠰᠢᠯᠡᠬᠦᠯᠵᠠᠢ᠃ | ᠷᠠᠰᠢᠶᠠᠨ ᠬᠤᠲᠠ ᠶᠢᠨ ᠡᠪᠯᠡᠯ ᠤᠨ ᠬᠤᠷᠢᠶ᠎ᠠ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠲᠤ᠂ ᠷᠠᠰᠢᠶᠠᠨ ᠬᠤᠳᠠ ᠶᠢᠨ ᠡᠪᠯᠡᠯ ᠤᠨ | ᠬᠤᠷᠢᠶ᠎ᠠ ᠶᠢᠨ ᠬᠢᠨ ᠬᠠᠷᠢᠶᠠᠳᠦ ᠤᠷᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠡᠪ ᠬᠠᠮᠳᠦ | ᠵᠠᠯᠠᠭᠤᠴᠤᠳ ᠤᠨ ᠰᠠᠶᠢᠨ ᠲᠤᠷ᠎ᠠ ᠶᠢᠨ ᠠᠵᠢᠯᠯᠠᠬᠴᠢ ᠶᠢ ᠵᠣᠬᠢᠶᠠᠨ ᠪᠠᠶᠢᠭᠤᠯᠵᠤ᠂ ᠷᠠᠰᠢᠶᠠᠨ ᠬᠤᠳᠠ ᠶᠢᠨ ︽12 · | 4︾ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠬ ᠤᠨ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃ | ᠡᠪ ᠬᠠᠮᠳᠦ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠬᠴᠢ ᠵᠡᠭᠡᠯᠢ ᠭᠤᠳᠤᠮᠵᠢ᠂ ᠦᠵᠡᠮᠵᠢ ᠶᠢᠨ | ᠤᠷᠤᠨ ᠢᠶᠠᠷ ᠬᠦᠨᠵᠡᠭᠡᠶᠢᠷᠡᠨ ᠤᠬᠠᠭᠤᠯᠭ᠎ᠠ ᠶᠢᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ | ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠵᠢᠭᠤᠯᠴᠢᠯᠠᠬᠴᠢᠳ ᠪᠠ ᠣᠯᠠᠨ ᠲᠦᠮᠡᠨ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠤᠨ | ᠠᠭᠤᠯᠭ᠎ᠠ ᠶᠢ ᠤᠬᠠᠭᠤᠯᠤᠨ ᠳᠠᠶᠢᠯᠪᠤᠷᠢᠯᠠᠵᠦ᠂ ᠣᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠨ ᠰᠠᠬᠢᠬᠤ᠂ ᠦᠨᠳᠦᠰᠦᠨ ᠬᠠᠤᠯᠢ ᠶᠢᠨ ᠶᠣᠰᠣᠭᠠᠷ ᠡᠷᠬᠡ ᠪᠠᠨ ᠬᠡᠷᠡᠭᠵᠢᠭᠦᠯᠬᠦ᠂ ᠡᠭᠦᠷᠭᠡ ᠪᠠᠨ | ᠭᠦᠢᠴᠡᠳᠭᠡᠬᠦ᠂ ᠭᠤᠮᠣᠳᠠᠯ ᠱᠠᠭᠠᠷᠳᠠᠯᠭ᠎ᠠ ᠪᠠᠨ ᠢᠯᠡᠳᠭᠡᠬᠦ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ | ᠬᠥᠲᠥᠯᠦᠨ ᠵᠢᠯᠣᠭᠤᠳᠴᠠᠢ᠃ | ᠷᠠᠰᠢᠶᠠᠨ ᠬᠤᠳᠠ ᠶᠢᠨ ᠡᠪᠯᠡᠯ ᠤᠨ ᠬᠤᠷᠢᠶ᠎ᠠ ᠲᠠᠷᠠᠭᠠᠴᠢ ᠪᠠᠷ᠂ 12355 ᠬᠠᠤᠯᠢ ᠲᠦᠭᠡᠮᠡᠯᠵᠢᠭᠦᠯᠬᠦ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠦᠷᠬᠦᠯᠵᠢᠯᠡᠨ ᠵᠤᠬᠢᠶᠠᠨ ᠪᠠᠶᠢᠭᠤᠯᠵᠦ᠂ ᠰᠠᠶᠢᠨ ᠳᠤᠷ᠎ᠠ ᠶᠢᠨ | ᠦᠢᠯᠡᠴᠢᠯᠡᠭᠡᠨ ᠤ ︽ᠵᠠᠯᠠᠭᠤᠴᠤᠳ︾ ᠤᠨ ᠬᠦᠴᠦᠨ ᠢ ᠭᠦᠢᠴᠡᠳ ᠪᠠᠳᠠᠷᠠᠭᠤᠯᠵᠤ᠂ ︽ᠤᠯᠤᠰ ᠤᠨ ᠦᠨᠳᠦᠰᠦᠨ | ᠬᠠᠤᠯᠢ ᠶᠢᠨ ᠡᠳᠦᠷ︾᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠵᠡᠷᠭᠡ ᠪᠠᠷ ᠠᠵᠠ ᠳᠤᠬᠢᠶᠠᠯ | ᠪᠤᠯᠭᠠᠨ ᠣᠯᠠᠨ ᠶᠠᠩᠵᠤ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ | ᠵᠢᠷᠤᠮ ᠤᠨ ᠬᠠᠤᠯᠢᠵᠢᠯ ᠤᠨ ᠪᠥᠲᠥᠭᠡᠨ ᠪᠠᠶᠢᠭᠤᠯᠤᠯᠳᠠ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠡᠮᠡᠷᠢᠬᠦᠯᠬᠦ | ᠪᠤᠯᠤᠨ᠎ᠠ᠃ | ᠵᠠᠯᠠᠶᠢᠳ ᠬᠤᠰᠢᠭᠤᠨ ᠤ ᠡᠪᠯᠡᠯ ᠤᠨ ᠬᠤᠷᠢᠶ᠎ᠠ | ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠡᠪᠯᠡᠯ ᠤᠨ ᠬᠤᠷᠢᠶ᠎ᠠ ︽ᠦᠨᠳᠦᠰᠦᠨ ᠬᠠᠤᠯᠢ ᠶᠢᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ | ᠳᠥᠯᠭᠢᠨ ᠠᠬᠢᠭᠤᠯᠬᠤ︾ ᠪᠠᠷ ᠰᠡᠳᠦᠪᠯᠡᠭᠰᠡᠨ ︽ᠲᠠᠪᠤ ᠶᠢ ᠠᠬᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥ | ᠷᠨᠢᠭᠦᠯᠵᠡᠢ᠃ | ᠵᠠᠯᠠᠶᠢᠳ ᠬᠤᠰᠢᠭᠤᠨ ᠤ ᠡᠪᠯᠡᠯ ᠤᠨ ᠬᠤᠷᠢᠶ᠎ᠠ ᠶᠢᠨ ᠬᠢᠨ ᠦᠨᠳᠦᠰᠦᠨ ᠬᠠᠤᠯᠢ ᠶᠢ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠵᠦ᠂ ᠬᠠᠷᠢᠶᠠᠳᠦ ᠤᠷᠤᠨ ᠤ ᠪᠠᠶᠢᠭᠤᠯᠭ᠎ᠠ ᠨᠢᠭᠡᠴᠢ᠂ | ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ ᠵᠢᠴᠢ ᠣᠯᠠᠨ ᠨᠡᠶᠢᠲᠡ ᠶᠢᠨ ᠲᠠᠯᠠᠪᠤᠷ ᠢᠶᠠᠷ | ᠬᠦᠷᠴᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠤᠬᠠᠭᠤᠯᠬᠤ᠂ ᠪᠤᠳᠠᠳᠦ ᠭᠡᠷᠡᠭ ᠤᠨ ᠵᠢᠱᠢᠶ᠎ᠠ ᠲᠠᠢ | ᠤᠶᠠᠯᠳᠤᠭᠤᠯᠤᠨ ᠬᠠᠤᠯᠢ ᠴᠠᠭᠠᠵᠨ ᠶᠢᠨ ᠮᠡᠳᠡᠯᠭᠡ ᠶᠢ ᠳᠠᠶᠢᠯᠪᠤᠷᠢᠯᠠᠬᠤ᠂ ᠬᠠᠤᠯᠢ ᠴᠠᠭᠠᠵᠠ ᠶᠢᠨ ᠮᠡᠳᠡᠯᠭᠡ ᠶᠢ | ᠬᠢᠴᠢᠶᠡᠯ ᠤᠨ ᠳᠠᠩᠬᠢᠮ ᠳᠤ ᠤᠷᠤᠭᠤᠯᠬᠤ᠂ ᠬᠤᠪᠢ ᠶᠢᠨ ᠡᠷᠭᠡ ᠠᠰᠢᠬ ᠲᠤ ᠬᠤᠯᠪᠤᠬᠳᠠᠬᠤ ᠬᠠᠤᠯᠢ ᠴᠠᠭᠠᠵᠠ ᠶᠢᠨ | ᠮᠡᠳᠡᠯᠭᠡ ᠶᠢ ᠤᠬᠠᠭᠤᠯᠬᠤ᠂ ᠬᠠᠮᠳᠦ ᠪᠠᠷ ᠦᠨᠳᠦᠰᠤᠨ ᠬᠠᠤᠯᠢ ᠶᠢ ᠰᠤᠷᠤᠯᠴᠠᠬᠤ ᠵᠡᠷᠭᠡ ᠡᠯᠪᠡᠭ ᠠᠭᠤᠯᠭ᠎ᠠ ᠪᠦᠬᠦᠢ | ᠤᠬᠠᠭᠤᠯᠭ᠎ᠠ ᠳᠠᠶᠢᠯᠤᠮᠵᠢ ᠶᠢᠨ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ᠡᠬᠦᠨ ᠢᠶᠠᠷ ᠳᠠᠮᠵᠢᠨ᠂ ᠤᠯᠠᠨ ᠲᠦᠮᠡᠨ ᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾ ᠶᠢᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠵᠦ᠂ ᠤᠬᠠᠮᠰᠠᠷ ᠠᠴᠠ ᠪᠠᠨ ᠦᠨᠳᠦᠰᠦᠨ | ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠵᠤ᠂ ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ | ᠂ ᠬᠠᠤᠯᠢ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠬᠦᠯᠵᠠᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪᠯᠡᠯ ᠤᠨ ᠬᠤᠷᠢᠶ᠎ᠠ | 12 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠡᠪᠯᠡᠯ ᠤᠨ | ᠬᠤᠷᠢᠶ᠎ᠠ ᠶᠢᠨ ᠵᠠᠯᠠᠭᠤ ᠰᠠᠶᠢᠨ ᠳᠤᠷ᠎ᠠ ᠶᠢᠨ ᠠᠵᠢᠯᠯᠠᠬᠴᠢᠳ ᠬᠠᠷᠢᠶᠠᠳᠦ ᠤᠷᠤᠨ ᠤ ᠨᠡᠶᠢᠭᠡᠮ ᠲᠣᠭᠤᠷᠢᠭ ᠢᠶᠠᠷ | ᠬᠦᠷᠴᠦ᠂ ᠰᠠᠭᠤᠭᠠᠯᠢ ᠠᠷᠠᠳ ᠲᠤ ︽ᠦᠨᠳᠦᠰᠦᠨ ᠬᠠᠤᠯᠢ︾ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ | ︽12 · 4︾ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠢᠷᠡᠯᠳᠡ ᠶᠢᠨ ᠳᠤᠬᠠᠢ ᠤᠯᠠᠨ ᠳᠤ | ᠲᠠᠶᠢᠯᠪᠤᠷᠢᠯᠠᠬᠰᠠᠨ ᠪᠠᠶᠢᠯ᠎ᠠ᠃ ᠮᠦᠨ ᠪᠠᠰᠠ ᠰᠠᠭᠤᠭᠠᠯᠢ ᠠᠷᠠᠳ ᠤᠨ ᠠᠮᠢᠳᠤᠷᠠᠯ ᠳᠤᠮᠳᠠ ᠡᠬᠦᠰᠦᠭᠰᠡᠨ ᠬᠠᠤᠯᠢ | ᠴᠠᠭᠠᠵᠠ ᠶᠢᠨ ᠬᠡᠷᠡᠭ ᠤᠨ ᠵᠢᠱᠢᠶ᠎ᠡ ᠶᠢ ᠵᠢᠭᠰᠠᠭᠠᠨ ᠲᠣᠭᠠᠴᠢᠬᠤ ᠶᠢᠨ ᠲᠠᠭᠠᠥ ᠵᠠᠳᠠᠯᠤᠯᠳᠠ ᠬᠢᠵᠦ᠂ ᠳᠡᠳᠡᠨᠡᠷ ᠢ ᠬᠠᠤᠯᠢ | ᠴᠠᠭᠠᠵᠠ ᠪᠠᠷ ᠦᠪᠡᠷ ᠤᠨ ᠬᠠᠤᠯᠢ ᠶᠤᠰᠤᠨ ᠤ ᠡᠷᠭᠡ ᠠᠰᠢᠬ ᠢᠶᠠᠨ ᠬᠠᠮᠠᠭᠠᠯᠠᠵᠦ᠂ ᠬᠠᠤᠯᠢ ᠶᠢ ᠮᠡᠳᠡᠵᠦ ᠬᠠᠤᠯᠢ ᠶᠢ | ᠰᠠᠬᠢᠬᠤ ᠶᠢ ᠬᠦᠳᠤᠯᠤᠨ ᠵᠢᠯᠤᠭᠤᠳᠪᠠ᠃ | ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠡᠪᠯᠡᠯ ᠤᠨ ᠬᠤᠷᠢᠶ᠎ᠠ ᠲᠠᠷᠠᠭᠠᠴᠢ ᠪᠠᠷ᠂ | ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠠᠮᠢᠵᠢᠷᠠᠯ ᠤᠨ ᠬᠦᠴᠦᠨ ᠢ ᠬᠦᠢᠴᠡᠳ | ᠪᠠᠳᠠᠷᠠᠭᠤᠯᠤᠨ᠂ ᠣᠯᠠᠨ ᠶᠠᠩᠵᠤ ᠶᠢᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠪᠠᠶᠢᠡᠭᠭᠤᠵᠢᠭᠤᠯᠤᠨ ᠥᠷᠨᠢᠭᠦᠯᠵᠦ᠂ ᠣᠷᠳᠣ ᠬᠤᠭᠤᠴᠠᠭᠠᠨ ᠤ᠂ ᠪᠦᠳᠤᠮᠵᠢᠳᠠᠢ ᠬᠠᠤᠯᠢ ᠴᠠᠭᠠᠵᠠ ᠶᠢᠨ | ᠤᠬᠠᠭᠤᠯᠭ᠎ᠠ ᠶᠢᠨ ᠤᠷᠴᠢᠨ ᠳᠤᠭᠤᠷᠢᠨ ᠢ ᠡᠬᠦᠳᠬᠦ ᠪᠤᠯᠤᠨ᠎ᠠ᠃ | ᠲᠦᠴᠢᠤᠸᠠᠨ ᠰᠢᠶᠠᠨ ᠤ ᠡᠪᠯᠡᠯ ᠤᠨ ᠬᠤᠷᠢᠶ᠎ᠠ | ᠦᠨᠳᠦᠰᠤᠨ ᠬᠠᠤᠯᠢ ᠶᠢᠨ ᠤᠬᠠᠭᠤᠯᠭ᠎ᠠ ᠶᠢᠨ ᠭᠠᠷᠠᠬ ᠲᠤ᠂ ᠲᠦᠴᠢᠤᠸᠠᠨ ᠰᠢᠶᠠᠨ ᠤ ᠡᠪᠯᠡᠯ ᠤᠨ ᠬᠤᠷᠢᠶ᠎ᠠ | ᠬᠠᠷᠢᠶᠠᠳᠦ ᠤᠷᠤᠨ ᠤ ᠡᠯ᠎ᠠ ᠪᠠᠶᠢᠭᠤᠯᠭ᠎ᠠ ᠨᠢᠭᠡᠴᠢ ᠲᠠᠢ ᠬᠠᠮᠲᠤᠷᠠᠨ ᠨᠡᠶᠢᠭᠡᠮ ᠲᠣᠭᠤᠷᠢᠭ᠂ ᠰᠤᠷᠭᠠᠭᠤᠯᠢ᠂ ᠠᠵᠤ | ᠠᠬᠤᠶᠢᠯᠠᠯ ᠵᠡᠷᠭᠡ ᠪᠠᠷ ᠬᠦᠷᠴᠦ᠂ ᠤᠯᠠᠨ ᠨᠡᠶᠢᠲᠡ ᠶᠢᠨ ᠲᠠᠯᠠᠪᠤᠷ ᠲᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ | ᠪᠢᠴᠢᠭᠡᠰᠦ ᠶᠢ ᠡᠯᠭᠦᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠵᠠᠷᠯᠠᠯ ᠨᠠᠭᠠᠵᠤ᠂ ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠲᠦᠭ ᠲᠦᠮᠡᠨ | ᠠᠶᠢᠯ ᠡᠷᠦᠬᠡ ᠳᠤ ᠬᠦᠷᠭᠡᠭᠰᠡᠨ ᠪᠠᠶᠢᠨ᠎ᠠ᠃ | ᠡᠬᠦᠨ ᠤ ᠬᠠᠮᠳᠦ᠂ ᠲᠦᠴᠢᠤᠸᠠᠨ ᠰᠢᠶᠠᠨ ᠤ ᠡᠪᠯᠡᠯ ᠤᠨ ᠬᠤᠷᠢᠶ᠎ᠠ ᠪᠠᠶᠢᠭᠤᠯᠭ᠎ᠠ ᠶᠢᠨ ᠢᠶᠠᠨ ᠸᠢᠴᠠᠲ ᠤᠨ | ᠤᠯᠠᠨ ᠨᠡᠶᠢᠲᠡ ᠶᠢᠨ ᠳ᠋ᠤᠭᠠᠷ ᠮᠡᠳᠦ ᠶᠢᠨ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ᠂ ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠠᠭᠤᠯᠭ᠎ᠠ ᠶᠢ ᠨᠡᠶᠢᠲᠡᠯᠡᠵᠦ᠂ ᠤᠬᠠᠭᠤᠯᠭ᠎ᠠ ᠶᠢᠨ ᠬᠦᠷᠢᠶ᠎ᠠ ᠬᠡᠪᠴᠢᠶ᠎ᠡ ᠶᠢ ᠥᠷᠭᠡᠳᠭᠡᠨ | ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠪᠯᠡᠯ ᠤᠨ ᠬᠤᠷᠢᠶ᠎ᠠ | 12 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠪᠯᠡᠯ ᠤᠨ | ᠬᠤᠷᠢᠶ᠎ᠠ ᠶᠢᠨ ᠬᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠤᠯᠤᠨ ᠪᠠᠶᠠᠨ ᠨᠡᠶᠢᠭᠡᠮ ᠲᠣᠭᠤᠷᠢᠭ ᠲᠠᠢ | ᠬᠠᠮᠲᠤᠷᠠᠨ᠂ ᠪᠠᠶᠠᠨᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ︽ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠭᠠᠷᠠᠭ︾ ᠤᠨ ᠬᠠᠤᠯᠢ ᠴᠠᠭᠠᠵᠠ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠠᠵᠢᠯᠯᠠᠭ᠎ᠠ | ᠥᠷᠨᠢᠭᠦᠯᠪᠡ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠠᠯᠠᠭᠤ ᠰᠠᠶᠢᠨ ᠳᠤᠷ᠎ᠠ ᠶᠢᠨ ᠠᠵᠢᠯᠯᠠᠬᠴᠢ | ︽ᠶᠠᠭᠤ ᠶᠢ ᠦᠨᠳᠦᠰᠤᠨ ᠬᠠᠤᠯᠢ ᠭᠡᠬᠦ᠂ ᠶᠠᠭᠤᠨ ᠳᠤ ᠤᠯᠤᠰ ᠤᠨ ᠦᠨᠳᠦᠰᠦᠨ ᠬᠠᠤᠯᠢ ᠶᠢᠨ ᠡᠳᠦᠷ ᠢ | ᠲᠣᠭᠲᠠᠭᠠᠬᠰᠠᠨ᠂ ᠵᠠᠯᠠᠭᠤᠴᠤᠳ ᠪᠠᠭᠠᠴᠤᠳ ᠭᠡᠷᠬᠢᠨ ᠦᠨᠳᠦᠰᠤᠨ ᠬᠠᠤᠯᠢ ᠶᠢ ᠬᠠᠮᠠᠭᠠᠯᠠᠵᠦ ᠬᠠᠤᠯᠢ ᠴᠠᠭᠠᠵᠠ ᠶᠢ | ᠰᠤᠷᠤᠯᠴᠠᠬᠤ︾ ᠵᠡᠷᠭᠡ ᠲᠠᠯ᠎ᠠ ᠠᠴᠠ ᠭᠠᠷᠳᠠᠨ ᠰᠤᠷᠤᠬᠴᠢᠳ ᠲᠤ ᠦᠨᠳᠦᠰᠤᠨ ᠬᠠᠤᠯᠢ ᠶᠢᠨ ᠳᠤᠬᠠᠢ ᠬᠦᠨᠵᠡᠬᠡᠢ | ᠳᠠᠶᠢᠯᠪᠤᠷᠢᠯᠠᠯᠳᠠ ᠬᠢᠭᠰᠡᠨ ᠪᠠᠶᠢᠨ᠎ᠠ᠃ ᠪᠠᠰᠠ ᠪᠤᠳᠠᠳᠤ ᠭᠡᠷᠡᠭ ᠢᠶᠠᠷ ᠬᠠᠤᠯᠢ ᠶᠢ ᠳᠠᠶᠢᠯᠪᠤᠷᠢᠯᠠᠵᠦ᠂ ᠰᠤᠷᠤᠬᠴᠢᠳ ᠢ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠡᠷᠬᠢᠮᠯᠡᠨ᠂ ᠰᠤᠷᠭᠠᠭᠤᠯᠢ ᠶᠢᠨ ᠬᠦᠷᠢᠶᠡᠨ ᠤ ᠬᠦᠴᠦᠷᠭᠡᠭᠯᠡᠯ | ᠳᠤᠷᠤᠮᠵᠢᠯᠠᠯ ᠢ ᠡᠰᠡᠷᠬᠦᠴᠡᠨ ᠳᠠᠪᠴᠢᠵᠦ᠂ ᠵᠤᠷᠢᠬᠳᠠᠢ ᠪᠠᠷ ᠬᠠᠤᠯᠢ ᠴᠠᠭᠠᠵᠠ ᠶᠢᠨ ᠵᠡᠪᠰᠡᠭ ᠢᠶᠠᠷ ᠦᠪᠡᠷ ᠢ ᠪᠠᠨ | ᠬᠠᠮᠠᠭᠠᠯᠠᠬᠤ ᠶᠢ ᠤᠷᠢᠶᠠᠯᠠᠪᠡ᠃ | ᠬᠢᠨᠭ᠍ᠭᠠᠨ ᠠᠶᠢᠮᠠᠬ ᠤᠨ ᠡᠪᠯᠡᠯ ᠤᠨ ᠬᠤᠷᠢᠶ᠎ᠠ ᠳᠠᠷᠠᠭᠠᠴᠢ ᠪᠠᠷ᠂ ᠤᠬᠠᠭᠤᠯᠭ᠎ᠠ ᠶᠢᠨ ᠬᠦᠷᠢᠶ᠎ᠠ ᠭᠡᠪᠴᠢᠶ᠎ᠠ ᠪᠠ | ᠤᠬᠠᠭᠤᠯᠭ᠎ᠠ ᠳᠠᠶᠢᠯᠤᠮᠵᠢ ᠶᠢᠨ ᠠᠷᠭ᠎ᠠ ᠠᠪᠴᠠᠯ ᠤᠨ ᠳᠠᠯ᠎ᠠ ᠪᠠᠷ ᠦᠷᠬᠦᠯᠵᠢᠯᠡᠨ ᠰᠢᠨ᠎ᠠ ᠶᠢ ᠡᠬᠦᠳᠴᠦ᠂ ᠪᠦᠬᠦ | ᠠᠷᠠᠳ ᠢ ᠬᠦᠳᠤᠯᠤᠨ ᠵᠢᠯᠤᠭᠤᠳᠴᠦ ᠪᠠᠶᠢᠭᠠᠳ ᠬᠠᠤᠯᠢ ᠶᠢ ᠮᠡᠳᠡᠭᠰᠡᠨ᠂ ᠬᠠᠤᠯᠢ ᠶᠢ ᠰᠤᠷᠤᠯᠴᠠᠬᠰᠠᠨ᠂ ᠬᠠᠤᠯᠢ ᠶᠢ | ᠰᠠᠬᠢᠬᠰᠠᠨ᠂ ᠬᠠᠤᠯᠢ ᠶᠢ ᠭᠡᠷᠡᠭᠵᠢᠬᠦᠯᠦᠭᠰᠡᠨ ᠬᠠᠤᠯᠢᠵᠢᠯ ᠤᠨ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ | ᠠᠬᠢᠭᠤᠯᠬᠤ ᠪᠤᠯᠤᠨ᠎ᠠ᠃ | ᠦᠢᠯᠡᠴᠢᠯᠡᠭᠡ ᠬᠠᠮᠢᠶᠠᠷᠤᠯᠳᠠ ᠪᠠᠨ ᠴᠢᠩᠭᠠᠳᠬᠠᠨ ᠵᠡᠮᠳᠡᠭᠴᠤᠳ ᠤᠨ ᠦᠢᠯᠡᠰ ᠤᠨ ᠬᠦᠭᠵᠢᠯᠳᠠ ᠶᠢ ᠠᠬᠢᠭᠤᠯᠤᠨ᠎ᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠭᠠᠰᠢ᠂ ᠬᠢᠩᠭᠠᠨ ᠠᠶᠢᠮᠠᠭ | ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠰᠣᠶᠣᠯ ᠪᠡᠶ᠎ᠡ ᠶᠢᠨ ᠲᠠᠮᠢᠷ᠂ ᠡᠷᠬᠡ | ᠠᠰᠢᠭ ᠤᠨ ᠪᠠᠲᠤᠯᠠᠭ᠎ᠠ ᠵᠡᠷᠬᠡ ᠡᠯ᠎ᠡ ᠵᠦᠢᠯ ᠤᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠵᠡᠮᠳᠡᠭᠴᠦᠳ ᠤᠨ | ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠠᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠬᠦᠯᠦᠨ᠂ | ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠣᠯᠴᠠᠬᠤ ᠣᠷᠴᠢᠨ ᠲᠣᠭᠤᠷᠢᠨ ᠪᠠ | ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠬᠦ ᠠᠶᠢᠮᠠᠭ ᠤᠨ 6 ᠲᠦᠮᠡ ᠭᠠᠷᠤᠶ ᠵᠡᠮᠳᠡᠭ ᠬᠦᠮᠤᠡ ᠳᠤ | ᠵᠣᠯ ᠵᠢᠷᠭᠠᠯᠳᠦ ᠠᠮᠢᠳᠤᠷᠠᠯ ᠢ ᠡᠳ᠋ᠯᠡᠬᠦᠯᠦᠭᠰᠡᠨ ᠪᠠᠶᠢᠨ᠎ᠠ᠃ | ᠬᠠᠮᠲᠤᠪᠠᠷ ᠴᠢᠨᠡᠭᠡᠯᠢᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠵᠠᠢ᠃ ᠠᠶᠢᠮᠠᠬ ᠤᠨ ᠵᠡᠮᠳᠡᠭᠴᠤᠳ ᠤᠨ ᠬᠤᠯᠪᠤᠭ᠎ᠠ ᠪᠤᠯᠤᠨ ᠠᠷᠠᠳ ᠤᠨ ᠶᠠᠪᠤᠳᠠᠯ ᠵᠡᠷᠭᠡ | ᠰᠠᠯᠠᠭ᠎ᠠ ᠮᠦᠴᠢᠷ ᠨᠢ ᠬᠠᠮᠳᠤᠷᠠᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠷᠭᠤᠭᠤᠯᠤᠨ | ᠪᠠᠶᠢᠴᠠᠭᠠᠬᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠬᠠᠮᠲᠤᠪᠠᠷ ᠰᠢᠢᠳᠪᠦᠷᠢᠯᠡᠬᠦ ᠲᠣᠭᠲᠠᠴᠠ ᠶᠢ | ᠪᠠᠶᠢᠭᠤᠯᠵᠤ᠂ ᠵᠡᠮᠳᠡᠭ ᠬᠦᠮᠤᠰ ᠤᠨ ᠬᠡᠷ ᠪᠦᠯᠢ ᠶᠢᠨ ᠪᠠᠶᠢᠳᠠᠯ ᠢ ᠮᠥᠷᠳᠡᠨ ᠰᠤᠷᠪᠤᠯᠵᠢᠯᠠᠬᠤ ᠠᠵᠢᠯᠯᠠᠭ᠎ᠠ ᠢᠢ | ᠪᠠᠶᠢᠩᠭᠤᠵᠢᠭᠤᠯᠤᠨ ᠥᠷᠨᠢᠭᠦᠯᠵᠦ᠂ ᠶᠠᠳᠠᠭᠤ ᠬᠦᠴᠢᠷᠳᠡᠯᠲᠡᠢ ᠬᠡᠷ ᠪᠦᠯᠢ ᠶᠢᠨ 2300 ᠵᠡᠮᠳᠡᠭ ᠬᠦᠮᠤᠰ ᠢ | ᠲᠣᠬᠤᠨᠢᠭᠤᠯᠤᠨ ᠠᠪᠤᠷᠠᠨ ᠲᠤᠰᠠᠯᠠᠵᠤ᠂ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠳᠠᠬᠢᠨ ᠶᠠᠳᠠᠭᠤᠷᠠᠬᠤ ᠠᠴᠠ | ᠰᠡᠷᠭᠡᠶᠢᠯᠡᠪᠡ᠃ ᠡᠬᠦᠨ ᠤ ᠬᠠᠮᠳᠤ ᠪᠠᠰᠠ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ︽ᠬᠢᠩᠭᠠᠨ ᠠᠶᠢᠮᠠᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠮᠳᠡᠭᠴᠦᠳ ᠤᠨ ᠠᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠬᠤᠰᠢᠭᠤ | ᠰᠢᠶᠠᠨ ᠬᠤᠲᠠ ᠳᠤ ᠵᠡᠮᠳᠡᠭᠴᠦᠳ ᠤᠨ ᠠᠵᠤ ᠦᠢᠯᠡᠰ ᠢ ᠬᠠᠪᠰᠤᠷᠤᠨ ᠲᠡᠳᠬᠦᠬᠦ᠂ ᠡᠷᠡᠭᠦᠯᠵᠢᠭᠦᠯᠬᠦ ᠪᠣᠯᠪᠠᠰᠤᠷᠠᠯ᠂ | ᠠᠵᠢᠯ ᠣᠯᠭᠤᠯᠲᠠ ᠶᠢᠨ ᠪᠣᠯᠪᠠᠰᠤᠷᠠᠯ᠂ ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ ᠵᠡᠷᠭᠡ ᠦᠢᠯᠡᠴᠢᠯᠡᠭᠡ ᠶᠢ | ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠬᠠᠰᠠ ᠪᠠᠶᠢᠨ᠎ᠠ᠃ | ᠡᠭᠦᠨ ᠳᠤ᠂ ᠲᠦᠴᠢᠦᠸᠠᠨ ᠰᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠵᠢᠱᠶᠶ᠎ᠠ ᠦᠵᠡᠭᠦᠯᠬᠦ ᠴᠡᠭ ᠨᠢ ᠨᠢᠭᠡᠨᠲᠡ | ᠫᠠᠶᠢᠰᠠ ᠡᠯᠭᠦᠨ ᠠᠰᠢᠬᠯᠠᠯᠳᠠ ᠳᠤ ᠤᠷᠤᠬᠰᠠᠨ ᠪᠠᠶᠢᠨ᠎ᠠ᠃ | ᠠᠷᠠᠳ ᠤᠨ ᠠᠮᠢᠳᠤᠷᠠᠯ ᠤᠨ ᠭᠤᠣᠯᠳᠠᠯᠭ᠎ᠠ ᠶᠢ ᠳᠣᠪᠤᠶᠢᠯᠭᠠᠵᠤ᠂ ᠠᠮᠢᠳᠤᠷᠠᠯ ᠨᠢ ᠬᠦᠴᠢᠷᠳᠡᠯᠲᠡᠶ | ᠵᠡᠮᠳᠡᠭᠴᠦᠳ ᠤᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠬᠦᠯᠵᠠᠢ᠃ ᠠᠶᠢᠮᠠᠬ ᠤᠨ ᠵᠡᠮᠳᠡᠭᠴᠤᠳ ᠤᠨ ᠬᠤᠯᠪᠤᠭ᠎ᠠ ᠠᠴᠠ ᠨᠥᠬᠦᠴᠡᠯ ᠳᠤ ᠨᠡᠶᠢᠴᠡᠬᠦ ᠬᠤᠲᠠ | ᠬᠥᠳᠡᠭᠡ ᠶᠢᠨ ᠵᠡᠮᠳᠡᠭᠴᠦᠳ ᠤᠨ ᠬᠡᠷ ᠪᠦᠯᠢ ᠶᠢ ᠪᠦᠬᠦᠨ ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠵᠠᠢ᠃ ᠡᠬᠦᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠤᠶᠤ ᠣᠨᠴᠠ | ᠬᠦᠴᠢᠷᠳᠡᠯᠲᠡᠶ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠭᠠᠳᠤᠶ 464 ᠬᠡᠷ ᠪᠦᠯᠢ ᠶᠢᠨ ᠳᠣᠲᠣᠷᠠᠬᠢ | ᠤᠷᠤᠯᠭ᠎ᠠ ᠪᠠᠭᠠᠳᠠᠢ ᠬᠦᠨᠳᠦ ᠵᠡᠮᠳᠡᠭ ᠬᠥᠮᠦᠰ ᠢ ︽ᠭᠠᠭᠴᠠ ᠬᠥᠮᠦᠨ ᠤ ᠡᠷᠦᠬᠡ︾ ᠪᠠᠷ ᠯᠠᠪᠯᠠᠯᠲᠠ ᠪᠣᠯᠭᠠᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠡ᠃ ᠳᠤᠮᠳᠠᠴᠢ ᠪᠠᠷ ᠵᠢᠯ ᠪᠦᠷᠢ 3 ᠲᠦᠮᠡ | ᠭᠠᠷᠤᠶ ᠶᠠᠳᠠᠭᠤ ᠬᠦᠴᠢᠷᠳᠡᠯᠲᠡᠶ ᠵᠡᠮᠳᠡᠭᠴᠦᠳ ᠲᠤ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠣᠯᠭᠤᠵᠤ᠂ 2 | ᠲᠦᠮᠡ ᠭᠠᠷᠤᠶ ᠬᠦᠨᠳᠦ ᠵᠡᠮᠳᠡᠭ ᠬᠦᠮᠦᠰ ᠲᠤ ᠰᠤᠪᠢᠯᠠᠯᠲᠠ ᠶᠢᠨ ᠨᠥᠬᠦᠪᠥᠷᠢ ᠣᠯᠭᠤᠪᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠳᠤ ᠨᠡᠶᠢᠴᠡᠬᠦ 1355 | ᠬᠥᠮᠦᠨ ᠳᠤ ᠵᠢᠯ ᠪᠦ᠋ᠷᠢ 200 ᠲᠥᠭᠦᠷᠢᠭ ᠤᠨ ᠪᠠᠷᠢᠮᠵᠢᠶ᠎ᠠ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠬᠰᠠᠨ ᠪᠠᠶᠢᠨ᠎ᠠ᠃ | ᠡᠷᠬᠡ ᠠᠰᠢᠭ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠰᠤᠷᠭᠠᠨ ᠬᠥᠮᠦᠵᠢᠯ ᠭᠥᠷᠳᠡᠬᠦ | ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠠᠢ᠃ ᠠᠶᠢᠮᠠᠬ ᠤᠨ ᠵᠡᠮᠳᠡᠭᠴᠤᠳ ᠤᠨ ᠬᠤᠯᠪᠤᠭ᠎ᠠ ᠨᠢ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠤᠨᠴᠠᠭᠠᠢ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ᠶᠢᠨ | ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ 69.5 ᠲᠦᠮᠡᠨ ᠲᠥᠭᠦᠷᠢᠭ ᠪᠡᠯᠡ ᠮᠦᠡᠭᠬᠦ | ᠬᠡᠷᠡᠭᠰᠡᠵᠦ᠂ ᠰᠤᠷᠬᠤ ᠨᠠᠰᠤᠨ ᠠᠴᠠ ᠡᠮᠦᠨᠡᠬᠢ 545 ᠵᠡᠮᠳᠡᠭ ᠬᠡᠤᠬᠡᠳ ᠢ ᠡᠯᠰᠡᠬᠰᠠᠨ 37 ᠰᠤᠷᠭᠠᠨ ᠬᠥᠮᠦᠵᠢᠯ ᠤᠨ | ᠪᠠᠶᠢᠭᠤᠯᠤᠮᠵᠢ ᠪᠠ ᠵᠡᠮᠳᠡᠭ ᠬᠡᠤᠬᠡᠳ ᠢ ᠡᠷᠡᠭᠦᠯᠵᠢᠭᠦᠯᠬᠦ ᠪᠠᠶᠢᠭᠤᠯᠤᠮᠵᠢ ᠳᠤ ᠨᠥᠬᠦᠪᠥᠷᠢ ᠤᠯᠭᠤᠪᠠ᠃ ᠠᠮᠢᠳᠤᠷᠠᠯ | ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠢ ᠢᠳᠡᠪᠬᠢᠳᠡᠢ ᠥᠷᠨᠢᠭᠦᠯᠵᠦ᠂ ᠪᠥᠬᠦ ᠠᠶᠢᠮᠠᠭ ᠲᠤ | ᠠᠮᠢᠳᠤᠷᠠᠯ ᠨᠢ ᠶᠠᠳᠠᠭᠤ ᠬᠦᠴᠢᠷᠳᠠᠯᠳᠠᠢ ᠬᠡᠷ ᠪᠦᠯᠢ ᠶᠢᠨ ᠵᠡᠮᠳᠡᠭ ᠰᠣᠷᠣᠭᠴᠢ ᠶᠢ 1326᠂ ᠵᠡᠮᠳᠡᠭᠴᠦᠳ ᠤᠨ | ᠦᠷ᠎ᠡ ᠬᠡᠤᠬᠡᠳ ᠢ 6153 ᠲᠤᠰ ᠲᠤᠰ ᠮᠠᠭᠠᠳᠯᠠᠨ ᠲᠣᠭᠲᠠᠭᠠᠪᠠ᠃ ᠣᠳᠣᠬᠠᠨ ᠳᠤ᠂ ᠪᠥᠬᠦ ᠠᠶᠢᠮᠠᠭ ᠤᠨ 20 | ᠲᠦᠮᠡ ᠠᠴᠠ ᠳᠡᠭᠡᠭᠰᠢᠬᠢ ᠬᠥᠮᠦᠨ ᠠᠮᠠ ᠲᠠᠢ ᠬᠤᠰᠢᠭᠤ ᠰᠢᠶᠠᠨ ᠳᠤ ᠴᠥᠮ ᠤᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ ᠶᠢ ᠪᠠᠶᠢᠭᠤᠯᠤᠬᠰᠠᠨ ᠪᠠᠶᠢᠨ᠎ᠠ᠃ | 2021 ᠣᠨ ᠠᠴᠠ ᠨᠠᠭᠠᠰᠢ᠂ ᠨᠠᠷᠢᠯᠢᠭ ᠣᠨᠣᠴᠠᠲᠠᠶ ᠪᠠᠷ ᠡᠷᠡᠭᠦᠯᠵᠢᠭᠦᠯᠬᠦ ᠵᠠᠷᠤᠳᠠᠯ ᠢ 215.3 ᠲᠦᠮᠡᠨ | ᠲᠥᠭᠦᠷᠢᠭ ᠪᠠᠭᠤᠯᠭᠠᠵᠤ᠂ ᠲᠤᠰᠠᠯᠠᠬᠤ ᠪᠠᠭᠠᠵᠢ ᠭᠡᠷᠡᠭᠰᠡᠯ ᠢ ᠤᠷᠤᠭᠤᠯᠬᠤ ᠵᠠᠷᠤᠳᠠᠯ ᠢ 478.3 ᠲᠦᠮᠡᠨ ᠲᠥᠭᠦᠷᠢᠭ | ᠪᠠᠭᠤᠯᠭᠠᠨ᠂ ᠡᠷᠡᠭᠦᠯᠵᠢᠯ ᠤᠨ ᠦᠢᠯᠡᠴᠢᠯᠡᠭᠡ ᠬᠦᠷᠳᠡᠭᠰᠡᠨ ᠵᠡᠮᠳᠡᠭ ᠬᠦᠮᠤᠠ ᠤ ᠲᠤᠭ᠎ᠠ 10673 ᠬᠦᠷᠴᠦ᠂ | ᠲᠤᠰᠠᠯᠠᠬᠤ ᠪᠠᠭᠠᠵᠢ ᠬᠡᠷᠡᠭᠰᠡᠯ ᠤᠯᠵᠦ ᠲᠤᠬᠢᠷᠠᠭᠤᠯᠤᠭᠰᠠᠨ ᠵᠡᠮᠳᠡᠭ ᠬᠦᠮᠤᠠ ᠤ ᠲᠤᠭ᠎ᠠ 6647 ᠪᠤᠯᠤᠭᠰᠠᠨ ᠪᠠᠶᠢᠨ᠎ᠠ | ᠃ ᠪᠠᠰᠠ 1759.77 ᠲᠦᠮᠡᠨ ᠲᠥᠭᠦᠷᠢᠭ ᠤᠨ ᠬᠡᠤᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠵᠠᠷᠤᠳᠠᠯ | ᠪᠠᠭᠤᠯᠭᠠᠵᠤ᠂ ᠪᠥᠬᠦ ᠠᠶᠢᠮᠠᠭ ᠤᠨ 1273 ᠵᠡᠮᠳᠡᠭ ᠬᠡᠤᠬᠡᠳ ᠢ ᠠᠪᠤᠷᠠᠨ ᠲᠤᠰᠠᠯᠠᠪᠠ᠃ ︽ᠵᠡᠮᠳᠡᠭ ᠬᠡᠤᠬᠡᠳ ᠤᠨ | ᠡᠷᠡᠭᠦᠯᠵᠢᠯ ᠤᠨ ᠠᠪᠤᠷᠠᠨ ᠲᠤᠰᠠᠯᠠᠬᠤ ᠲᠦᠷᠢᠮ ᠢ ᠳᠣᠭᠢᠷᠠᠭᠤᠯᠤᠨ ᠰᠢᠯᠢᠳᠡᠭᠵᠢᠭᠦᠯᠬᠦ ᠲᠤᠬᠠᠶ ᠬᠢᠩᠭᠠᠨ ᠠᠶᠢᠮᠠᠭ ᠤᠨ | ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠡᠮᠳᠡᠭ ᠬᠡᠤᠬᠡᠳ ᠤᠨ ᠡᠷᠡᠭᠦᠯᠵᠢᠯ ᠤᠨ | ᠠᠪᠤᠷᠠᠨ ᠲᠤᠰᠠᠯᠠᠬᠤ ᠨᠠᠰᠤ ᠶᠢ 10 ᠪᠦᠬᠦᠯᠢ ᠨᠠᠰᠤ ᠬᠦᠷᠲᠡᠯ᠎ᠡ ᠥᠷᠭᠡᠳᠭᠡᠵᠦ᠂ ᠠᠪᠤᠷᠠᠨ ᠲᠤᠰᠠᠯᠠᠬᠤ ᠪᠠᠷᠢᠮᠵᠢᠶ᠎ᠠ ᠶᠢ | ᠬᠥᠮᠦᠨ ᠳᠤᠮᠳᠠᠴᠢ ᠪᠠᠷ 1.5 ᠲᠦᠮᠡᠨ ᠲᠥᠭᠦᠷᠢᠭ ᠪᠠᠶᠢᠭᠰᠠᠨ ᠠᠴᠠ ᠨᠢ 2 ᠲᠦᠮᠡᠨ ᠲᠥᠭᠦᠷᠢᠭ ᠪᠣᠯᠭᠠᠨ | ᠳᠡᠭᠡᠭᠰᠢᠯᠡᠭᠦᠯᠪᠡ᠃ | ᠵᠡᠮᠳᠡᠭᠴᠦᠳ ᠤᠨ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠠᠢ᠃ ᠪᠡᠶ᠎ᠡ ᠶᠢᠨ ᠲᠠᠮᠢᠷ ᠤᠨ ᠰᠣᠶᠣᠯ ᠢ ᠵᠡᠮᠳᠡᠭ ᠬᠦᠮᠤᠰ ᠤᠨ ᠭᠡᠷ ᠪᠦᠯᠢ ᠳᠤ ᠬᠦᠷᠬᠡᠬᠦ ︽ᠲᠠᠪᠤᠨ | ᠨᠢᠭᠡ︾ ᠶᠢᠨ ᠠᠵᠢᠯᠯᠠᠭ᠎ᠠ ᠶᠢ ᠥᠷᠨᠢᠭᠦᠯᠵᠦ᠂ 875 ᠵᠡᠮᠳᠡᠭ ᠬᠦᠮᠤᠰ ᠢ ᠬᠠᠪᠰᠤᠷᠤᠨ ᠨᠡᠶᠢᠭᠡᠮ ᠤᠨ | ᠬᠦᠳᠡᠯᠭᠡᠭᠡᠨ ᠳᠤ ᠤᠷᠤᠯᠴᠠᠭᠤᠯᠵᠤ᠂ ᠤᠶᠤᠨ ᠤ ᠪᠠ ᠰᠣᠶᠣᠯ ᠤᠨ ᠠᠮᠢᠳᠤᠷᠠᠯ ᠢ ᠨᠢ ᠪᠠᠶᠠᠯᠢᠭᠵᠢᠭᠤᠯᠪᠠ᠃ ᠡᠬᠦᠨ ᠤ | ᠬᠠᠮᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠯᠵᠡᠶᠢᠲᠦ ᠮᠣᠷᠢᠨ ᠡᠳ᠋ᠯᠡᠯ ᠤᠨ ᠦᠢᠯᠡᠳᠪᠦᠷᠢ | ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠯᠲᠦ ᠶᠢᠨ ᠦᠨᠳᠦᠰᠦᠲᠡᠨ ᠤ ᠬᠦᠭᠵᠢᠮᠳᠡᠬᠦᠷ | ᠦᠢᠯᠡᠳᠬᠦ ᠭᠠᠵᠠᠷ ᠵᠡᠷᠬᠡ ᠰᠣᠶᠣᠯ ᠤᠨ ᠡᠭᠦᠳᠦᠯᠲᠡ ᠶᠢᠨ ᠰᠠᠭᠤᠷᠢᠨ ᠭᠠᠵᠠᠷ ᠢ ᠲᠤᠰ ᠲᠤᠰ ᠰᠢᠨ᠎ᠡ ᠪᠠᠷ ᠪᠠᠶᠢᠭᠤᠯᠵᠠᠢ | ᠃ | ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠴᠢᠩᠭ᠎ᠠ ᠠᠩᠬᠠᠷᠴᠤ᠂ ᠠᠮᠢᠳᠤᠷᠠᠯ ᠨᠢ ᠬᠦᠴᠢᠷᠳᠡᠯᠳᠠᠢ ᠵᠡᠮᠳᠡᠭ | ᠬᠦᠮᠤᠰ ᠤᠨ ᠬᠡᠷ ᠪᠦᠯᠢ ᠶᠢᠨ ᠤᠷᠤᠨ ᠰᠠᠭᠤᠴᠠ ᠶᠢᠨ ᠲᠤᠳᠤᠷᠠᠬᠢ ᠰᠠᠭᠠᠳ ᠥᠬᠡᠶ ᠣᠷᠴᠢᠨ ᠲᠣᠭᠤᠷᠢᠨ ᠢ | ᠦᠬᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠠᠢ᠃ 2021 ᠣᠨ ᠠᠴᠠ ᠨᠠᠭᠠᠰᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠠᠷᠭ᠎ᠠ︾ | ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢ ᠳᠡᠭᠡᠭᠰᠢᠯᠡᠭᠦᠯᠬᠦ ᠲᠥᠯᠥᠪᠯᠡᠭᠡ ︵2021 — 2025︶︾ ᠶᠢ ᠨᠠᠶᠢᠳᠠᠪᠤᠷᠢᠵᠢᠭᠤᠯᠬᠤ ᠶᠢ | ᠳᠥᠯᠭᠢᠨ ᠠᠬᠢᠭᠤᠯᠵᠤ᠂ ᠨᠡᠶᠢᠲᠡ 1389.08 ᠲᠦᠮᠡᠨ ᠲᠥᠭᠦᠷᠢᠭ ᠤᠨ ᠪᠡᠯᠡ ᠵᠠᠷᠤᠴᠠᠭᠤᠯᠵᠦ᠂ ᠶᠠᠳᠠᠭᠤ ᠠᠴᠠ | ᠠᠩᠬᠢᠵᠢᠷᠠᠭᠰᠠᠨ ᠵᠡᠮᠳᠡᠭ ᠬᠦᠮᠤᠰ ᠤᠨ ᠬᠡᠷ ᠪᠦᠯᠢ ᠳᠤ ᠰᠠᠭᠠᠳ ᠥᠬᠡᠶ ᠣᠷᠴᠢᠨ ᠲᠣᠭᠤᠷᠢᠨ ᠢ ᠦᠬᠡᠷᠡᠴᠢᠯᠡᠨ | ᠰᠠᠶᠢᠵᠢᠷᠠᠭᠤᠯᠬᠤ ᠡᠬᠦᠷᠬᠡ ᠶᠢ ᠨᠡᠶᠢᠳᠡ 3562 ᠬᠤᠪᠢ ᠪᠡᠶᠡᠯᠡᠭᠦᠯᠵᠡᠶ᠃ ︵ᠯᠦᠸᠧ ᠰᠢᠤᠸᠠᠨ︶ | |