ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 131 ᠳ᠋ᠣᠭᠡᠷ ᠤᠳᠠᠭᠠᠨ ᠤ ᠬᠤᠷᠠᠯ ᠬᠤᠷᠠᠯᠳᠤᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠪᠦᠬᠦ ᠤᠯᠤᠰ ᠪᠦᠬᠦ ᠣᠷᠣᠨ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠭᠠᠴᠠᠭ᠎ᠠ ᠲᠣᠰᠬᠤᠨ ᠤ ᠲᠣᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ ᠳᠡᠭᠡᠳᠦ ᠱᠠᠲᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ  ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠠᠢ᠃ ᠪᠦᠭᠦ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠭᠦᠢ ᠶᠠᠪᠤᠳᠠᠯ ᠢ ᠰᠤᠳᠤᠯᠪᠠ᠃    ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ ᠢᠮᠠᠭᠲᠠ ᠰᠠᠨᠠᠭ᠎ᠠ ᠠᠮᠤᠷ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠡᠲᠦᠷᠡᠮᠡᠬᠡᠢ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠭᠠᠴᠠᠭ᠎ᠠ ᠲᠣᠰᠬᠤᠨ ᠤ ᠲᠣᠭᠤᠷᠢᠨ ᠪᠠᠶᠢᠴᠠᠭᠠᠯᠲᠠ ᠪᠣᠯᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠭᠤᠰᠤᠯᠴᠠᠭᠤᠯᠵᠤ᠂ ︽ᠰᠤᠮᠤ ᠪᠠᠯᠭᠠᠰᠤ ᠭᠠᠴᠠᠭ᠎ᠠ ᠲᠣᠰᠬᠤᠨ ᠢ ᠨᠢᠭᠡ ᠴᠤᠭᠴᠠᠵᠢᠭᠤᠯᠤᠨ ᠲᠣᠭᠤᠷᠢᠨ ᠪᠠᠶᠢᠴᠠᠭᠠᠬᠤ︾᠂ ︽ᠰᠢᠭᠤᠳ ᠭᠠᠴᠠᠭ᠎ᠠ ᠲᠣᠰᠬᠤᠨ ᠢ ᠲᠣᠭᠤᠷᠢᠨ ᠪᠠᠶᠢᠴᠠᠭᠠᠬᠤ︾ ᠵᠡᠷᠭᠡ ᠠᠷᠭ᠎ᠠ ᠬᠡᠯᠪᠡᠷᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠭᠠᠴᠠᠭ᠎ᠠ ᠲᠣᠰᠬᠤᠨ ᠤ ᠲᠣᠭᠤᠷᠢᠨ ᠪᠠᠶᠢᠴᠠᠭᠠᠯᠲᠠ ᠶᠢ ᠪᠦᠬᠦᠨ ᠢ ᠪᠦᠷᠬᠦᠬᠦᠯᠬᠦ ᠶᠢ ᠲᠣᠭᠲᠠᠭᠤᠨ ᠢᠶᠠᠷ ᠠᠬᠢᠭᠤᠯᠬᠤ ᠬᠡᠷᠡᠭᠲᠡᠢ᠃ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠮᠬᠢ ᠵᠠᠮᠪᠠᠷᠠᠭ᠎ᠠ ᠦᠭᠡᠶ ᠦᠵᠡᠭᠳᠡᠯ ᠢ ᠴᠡᠭᠴᠡᠯᠡᠨ ᠵᠠᠰᠠᠬᠤ ᠪᠣᠯ ᠨᠠᠮ ᠪᠣᠯᠤᠨ ᠠᠷᠠᠳ ᠣᠯᠠᠨ ᠤ ᠬᠤᠭᠤᠷᠣᠨᠳᠣᠬᠢ ᠴᠢᠰᠤ ᠮᠢᠬᠠᠨ ᠤ ᠪᠠᠷᠢᠯᠳᠤᠯᠭ᠎ᠠ ᠶᠢ ᠨᠢᠭᠲᠠᠷᠠᠭᠤᠯᠬᠤ ᠶᠢᠨ ᠵᠠᠶᠢᠯᠠᠰᠢ ᠦᠭᠡᠶ ᠱᠠᠭᠠᠷᠳᠠᠯᠭ᠎ᠠ ᠮᠥᠨ ᠭᠡᠳᠡᠭ ᠢ ᠭᠦᠨᠵᠡᠭᠡᠶ ᠲᠠᠨᠢᠵᠤ᠂ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠪᠤᠭᠤᠮᠳᠠ ᠰᠢᠪᠳᠤᠯᠬᠤ ᠳᠠᠶᠢᠨ᠂ ᠪᠦᠬᠦ ᠲᠠᠯ᠎ᠠ ᠶᠢᠨ ᠳᠠᠶᠢᠨ ᠤ ᠢᠯᠠᠯᠲᠠ ᠶᠢ ᠤᠯᠬᠤ ᠬᠡᠷᠡᠭᠲᠡᠶ᠃ ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠢ ᠭᠦᠢᠴᠡᠳ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠬᠤ ᠪᠠ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠲᠤᠬᠠᠶ ᠤᠯᠤᠰ ᠤᠨ ᠦᠨᠳᠦᠰᠦᠨ ᠪᠤᠳᠤᠯᠭ᠎ᠠ ᠶᠢ ᠬᠢᠨᠠᠮᠠᠭᠠᠶ ᠲᠤᠭᠤᠰᠢᠯᠠᠭᠤᠯᠵᠤ᠂ ᠡᠯ᠎ᠡ ᠬᠦᠷᠢᠶᠡᠨ ᠤ ᠡᠮᠡᠭᠲᠡᠶ ᠴᠢᠳᠠᠪᠤᠷᠢᠲᠠᠨ ᠢ ᠶᠡᠭᠡ ᠪᠠᠷ ᠠᠭᠤᠳᠠᠯᠤᠨ ᠬᠥᠮᠦᠵᠢᠭᠦᠯᠵᠦ᠂ ᠡᠮᠡᠭᠲᠡᠶᠢᠴᠦᠳ᠂ ᠬᠡᠦᠬᠡᠳ ᠤᠨ ᠡᠷᠬᠡ ᠠᠰᠢᠭ ᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠴᠠᠭᠠᠵᠠ ᠪᠠ ᠲᠦᠷᠢᠮ ᠲᠣᠭᠲᠠᠭᠠᠯ ᠶᠣᠰᠣᠭᠠᠷ ᠪᠦᠲᠦᠭᠡᠯᠴᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号